28.5525 ᠳ᠋ᠦᠩᠰᠢᠭᠤᠷ ᠲᠥᠭᠦᠷᠢᠭ︕ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠵᠢᠯ ᠤᠨ ᠳᠣᠲᠣᠷ᠎ᠠ ᠠᠩᠬᠠᠳᠠᠭᠴᠢ ᠨᠡᠭᠦᠷᠡᠰᠦᠨ ᠤ ᠪᠦᠬᠦᠯᠢ ᠨᠡᠭᠦᠷᠡᠰᠦᠨ ᠠᠭᠤᠷᠬᠠᠶ ᠶᠢᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/24
  3 ᠳ᠋ᠤᠭᠠᠷ ᠰᠠᠷ᠎ᠠ ᠶᠢᠨ 24 ᠤ ᠡᠳᠦᠷ᠂ ᠲᠦᠩᠯᠢᠶᠣᠤ ᠬᠤᠲᠠ ᠶᠢᠨ ᡁᠢ ᠡᠾᠦ᠋ᠢ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ 28.5525 ᠳ᠋ᠦᠩᠰᠢᠭᠤᠷ ᠲᠥᠭᠦᠷᠢᠭ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠯᠢᠩᠭᠤᠤᠯ ᠤᠨ ᠠᠭᠤᠷᠬᠠᠶ ᠶᠢᠨ ᠣᠷᠣᠨ ᠤ ᠳᠥᠷᠪᠡᠳᠦᠭᠡᠷ ᠨᠣᠮᠧᠷᠲᠤ ᠬᠤᠳᠳᠤᠭ ᠤᠨ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠶ ᠡᠷᠢᠬᠦ ᠡᠷᠬᠡ ᠶᠢ ᠠᠮᠵᠢᠯᠲᠠ ᠲᠠᠢ ᠪᠠᠷ ᠪᠡᠶᠡᠯᠡᠭᠦᠯᠪᠡ᠃  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠰ ᠤᠳᠠᠭᠠᠨ ᠤ ᠨᠡᠭᠦᠷᠡᠰᠦᠨ ᠤ ᠠᠭᠤᠷᠬᠠᠶ ᠶᠢᠨ ᠡᠷᠬᠡ ᠶᠢ ᠫᠠᠶᠢᠰᠠ ᠡᠯᠭᠦᠨ ᠬᠤᠳᠠᠯᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠩᠭᠤ ᠶᠢᠨ ᠬᠤᠷᠠᠯ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠣᠯᠠᠨ ᠤᠳᠠᠭ᠎ᠠ ᠴᠣᠬᠤᠯᠠᠪᠤᠷᠢ ᠶᠢᠨ ᠱᠠᠭᠠᠷᠳᠠᠯᠭ᠎ᠠ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ ᠲᠦᠩᠯᠢᠶᠣᠤ ᠬᠤᠲᠠ ᠶᠢᠨ ᠵᠠᠰᠠᠭ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ᠂ ᠣᠶ ᠰᠢᠭᠤᠶ ᠡᠪᠡᠰᠦ ᠪᠡᠯᠴᠢᠭᠡᠷ᠂ ᠡᠨᠧᠷᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠮᠵᠢᠯᠴᠠᠨ ᠠᠬᠢᠭᠤᠯᠵᠤ᠂ ᠲᠣᠰ ᠤᠳᠠᠭᠠᠨ ᠤ ᠰᠢᠯᠵᠢᠭᠦᠯᠦᠨ ᠥᠭᠬᠦ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃  ᠳᠥᠷᠪᠡᠳᠦᠭᠡᠷ ᠨᠣᠮᠧᠷᠲᠤ ᠬᠤᠳᠳᠤᠭ ᠪᠣᠯ ᠲᠦᠩᠯᠢᠶᠣᠤ ᠬᠤᠲᠠ ᠶᠢᠨ ᠬᠤᠤᠯᠢᠩᠭᠤᠤᠯ ᠬᠤᠲᠠ ᠶᠢᠨ ᠬᠤᠤᠯᠢᠨ ᠭᠤᠤᠯ ᠤᠨ ᠠᠭᠤᠷᠬᠠᠶ ᠶᠢᠨ ᠣᠷᠣᠨ ᠳᠤ ᠪᠠᠶᠢᠷᠢᠯᠠᠵᠤ᠂ ᠲᠠᠯᠠᠪᠠᠶ ᠨᠢ 26.1 ᠲᠡᠭᠰᠢ ᠳᠥᠷᠪᠡᠯᠵᠢᠨ ᠮᠧᠲᠷ ᠪᠠᠶᠢᠵᠤ᠂ ᠡᠬᠢ ᠪᠠᠶᠠᠯᠢᠭ ᠤᠨ ᠨᠥᠭᠡᠴᠡ ᠨᠢ 9.72 ᠳ᠋ᠦᠩᠰᠢᠭᠤᠷ ᠲᠣᠨ ᠪᠠᠶᠢᠵᠤ᠂ ᠨᠡᠭᠦᠷᠡᠰᠦᠨ ᠤ ᠡᠬᠢ ᠪᠠᠶᠠᠯᠢᠭ ᠡᠯᠪᠡᠭ᠂ ᠶᠠᠰᠤ ᠴᠢᠨᠠᠷ ᠨᠢ ᠰᠠᠶᠢᠨ ᠪᠠᠶᠢᠳᠠᠭ᠃ ᠲᠣᠰ ᠠᠭᠤᠷᠬᠠᠶ ᠡᠷᠢᠬᠦ ᠡᠷᠬᠡ ᠶᠢ ᠠᠮᠵᠢᠯᠲᠠ ᠲᠠᠢ ᠬᠤᠳᠠᠯᠳᠤᠬᠤ ᠶᠠᠪᠤᠳᠠᠯ ᠪᠣᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠣᠳᠠᠲᠠᠶ ᠠᠵᠢᠯᠯᠠᠭ᠎ᠠ ᠮᠥᠨ᠂ ᠴᠢᠬᠤᠯᠠ ᠶᠡᠭᠡ ᠲᠥᠷᠥᠯ ᠵᠦᠢᠯ ᠤᠨ ᠡᠬᠢ ᠪᠠᠶᠠᠯᠢᠭ ᠤᠨ ᠪᠠᠲᠤᠯᠠᠭ᠎ᠠ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠬᠤᠤᠯᠢᠩᠭᠤᠤᠯ ᠬᠤᠲᠠ ᠶᠢᠨ ︽ᠨᠡᠭᠦᠷᠡᠰᠦ ᠴᠠᠬᠢᠯᠭᠠᠨ ᠬᠦᠩᠭᠡᠨᠴᠠᠭᠠᠨ︾ ᠤ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠠᠯᠬᠤᠮ ᠳᠠᠷᠠᠭ᠎ᠠ ᠮᠥᠨ᠂ ᠲᠦᠩᠯᠢᠶᠣᠤ ᠬᠤᠲᠠ ᠶᠢᠨ 400 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠰ ᠤᠨ ᠬᠡᠯᠬᠢᠶ᠎ᠡ ᠶᠢᠨ ᠪᠠᠯᠠ ᠣᠷᠣᠭᠤᠯᠤᠯᠲᠠ ᠶᠢ ᠳᠠᠶᠢᠴᠢᠯᠠᠬᠤ ᠪᠣᠯᠤᠨ᠎ᠠ᠃  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠰᠢᠯᠵᠢᠭᠦᠯᠦᠨ ᠬᠤᠳᠠᠯᠳᠤᠬᠤ ᠣᠷᠣᠨ ᠤ ᠬᠡᠰᠡᠭ ᠢ ᠨᠥᠭᠡᠴᠡᠯᠡᠬᠦ ᠶᠢ ᠥᠷᠭᠡᠳᠬᠡᠨ᠂ ᠰᠢᠯᠵᠢᠭᠦᠯᠦᠨ ᠬᠤᠳᠠᠯᠳᠤᠬᠤ ᠶᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠭᠦᠯᠦᠨ ᠬᠤᠳᠠᠯᠳᠤᠬᠤ ᠡᠷᠴᠢᠮ ᠢ ᠴᠢᠩᠭᠠᠷᠠᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠪᠠᠲᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ