ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠵᠦ᠂ ᠦᠢᠯᠡᠳᠪᠦᠷᠢᠯᠡᠯ ᠤᠨ ᠠᠶᠤᠯ ᠥᠬᠡᠶ ᠶᠢᠨ ᠬᠦᠨᠳᠦ ᠶᠡᠭᠡ ᠣᠨᠴᠠ ᠶᠡᠭᠡ ᠠᠳᠡᠯ ᠢ ᠪᠦᠲᠦᠮᠵᠢᠲᠡᠶ ᠪᠠᠷ ᠰᠡᠷᠭᠡᠶᠢᠯᠡᠨ | ᠬᠤᠷᠢᠭᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ︽ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠪᠠ᠃ | ᠲᠣᠰ ᠲᠥᠰᠦᠯ ᠨᠢ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠪᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠰᠢᠰᠲ᠋ᠧᠮ ᠤᠨ ᠬᠤᠶᠢᠰᠢᠳᠠ ᠶᠢᠨ ᠬᠤᠶᠠᠷ ᠵᠢᠯ ᠤᠨ ᠠᠵᠢᠯ ᠤᠨ | ᠭᠤᠤᠯᠳᠠᠯᠭ᠎ᠠ ᠲᠠᠢ ᠪᠠᠨ ᠤᠶᠠᠯᠳᠤᠭᠤᠯᠤᠨ᠂ 1+7+20+2 ᠠᠵᠢᠯ ᠤᠨ ᠰᠢᠰᠲ᠋ᠧᠮ ᠢ ᠪᠦᠷᠢᠯᠳᠦᠭᠦᠯᠪᠡ᠂ ᠲᠤᠬᠠᠶᠢᠯᠠᠪᠠᠯ 1 ᠵᠦᠢᠯ ᠤᠨ ᠶᠡᠷᠦᠩᠬᠡᠶ ᠠᠵᠢᠯ ᠤᠨ | ᠬᠠᠷᠠᠯᠲᠠ᠂ 7 ᠵᠦᠢᠯ ᠤᠨ ᠭᠤᠤᠯ ᠡᠭᠦᠷᠭᠡ᠂ 20 ᠵᠦᠢᠯ ᠤᠨ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ᠂ 2 ᠵᠦᠢᠯ ᠤᠨ ᠠᠵᠢᠯ ᠤᠨ ᠱᠠᠭᠠᠷᠳᠠᠯᠭ᠎ᠠ ᠪᠣᠯᠤᠨ᠎ᠠ᠃ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠴᠢᠨᠠᠷ ᠰᠠᠶᠢᠲᠠᠢ᠂ ᠦᠷᠭᠦᠯᠵᠢᠯᠡᠨ ᠭᠦᠨᠵᠡᠭᠡᠢ ᠠᠬᠢᠭᠤᠯᠬᠤ ᠪᠠᠷ | ᠳᠠᠮᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠰᠠᠶᠢᠲᠤᠷ ᠬᠠᠮᠠᠭᠠᠯᠠᠬᠤ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ | ᠬᠦᠴᠦᠲᠡᠢ ᠠᠶᠤᠯ ᠥᠬᠡᠶ ᠦᠢᠯᠡᠳᠪᠦᠷᠢᠯᠡᠯ ᠤᠨ ᠪᠠᠲᠤᠯᠠᠭ᠎ᠠ ᠬᠠᠩᠭᠠᠪᠠ᠃ | ᠠᠵᠢᠯ ᠤᠨ ᠬᠠᠷᠠᠯᠲᠠ ᠪᠠᠨ ᠲᠤᠳᠤᠷᠬᠠᠶᠢᠯᠠᠪᠠ᠃ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠣᠷᠣᠨ ᠵᠠᠶ ᠶᠢᠨ ᠪᠠᠶᠢᠷᠢᠰᠢᠭᠤᠯᠤᠯᠲᠠ ᠪᠠ ᠪᠡᠯᠡᠳᠬᠡᠮᠵᠢ ᠶᠢ ᠰᠢᠯᠢᠳᠡᠭᠵᠢᠭᠦᠯᠬᠦ ᠲᠠᠯ᠎ᠠ ᠪᠠᠷ ᠲᠥᠯᠥᠪᠵᠢᠭᠦᠯᠭᠡ ᠶᠢᠨ ᠬᠥᠲᠥᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ︔ ︽ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ᠎ᠠ︔ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠪᠠ ᠬᠡᠮᠵᠢᠨ ᠵᠢᠷᠤᠬᠤ ᠠᠵᠢᠯ ᠲᠥᠷᠥᠯ ᠤᠨ | ᠠᠮᠤᠷ ᠲᠦᠪᠰᠢᠨ ᠤ ᠲᠦᠭᠰᠢᠭᠦᠷᠢ ᠶᠢ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠪᠥᠬᠦ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ | ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠭᠤᠣᠯ ᠡᠭᠦᠷᠭᠡ ᠶᠢ ᠲᠤᠭᠲᠠᠭᠠᠪᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠥᠲᠥᠯᠥᠨ ᠳᠠᠭᠠᠭᠤᠯᠬᠤ ᠶᠢ | ᠴᠢᠩᠭᠠᠳᠬᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠬᠤ᠂ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠬᠢᠭᠡᠳ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ︽ᠬᠠᠤᠯᠢ | ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠪᠥᠬᠦ ᠣᠷᠣᠨ ᠤ ᠬᠤᠲᠠ | ᠪᠠᠯᠭᠠᠰᠤ ᠶᠢᠨ ᠰᠢᠲᠠᠮᠠᠬᠠᠶ ᠬᠡᠶ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠰᠠᠶᠢᠲᠤᠷ ᠬᠢᠬᠦ᠂ ᠠᠮᠤᠷ ᠲᠦᠪᠰᠢᠨ ᠤ ᠪᠣᠯᠪᠠᠰᠤᠷᠠᠯ ᠪᠠ ᠰᠡᠷᠡᠮᠵᠢᠯᠡᠭᠦᠯᠬᠦ | ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠬᠤ᠂ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠠᠶᠤᠯ ᠥᠬᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠵᠡᠷᠭᠡ 7 ᠵᠦᠢᠯ ᠤᠨ ᠭᠤᠤᠯ ᠡᠭᠦᠷᠭᠡ ᠪᠠ 20 ᠵᠦᠢᠯ ᠤᠨ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠬᠤ ᠶᠢ ᠴᠢᠩᠭᠠᠳᠬᠠᠬᠤ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠵᠥᠪᠰᠢᠶᠡᠷᠡᠯ ᠵᠡᠷᠭᠡ ᠲᠠᠯ᠎ᠠ ᠪᠠᠷ ᠠᠶᠤᠯ ᠥᠬᠡᠶ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ | ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯ ᠢᠶᠠᠨ ᠥᠷᠨᠢᠭᠦᠯᠵᠦ᠂ ︽ᠠᠳᠡᠯ ᠤᠨ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠵᠤ᠂ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾ ᠶᠢ ᠴᠢᠷᠮᠠᠶᠢᠨ ᠪᠡᠶᠡᠯᠡᠭᠦᠯᠵᠦ᠂ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠠᠵᠢᠯ ᠤᠨ ᠱᠠᠭᠠᠷᠳᠠᠯᠭ᠎ᠠ ᠪᠠᠨ ᠲᠤᠳᠤᠷᠬᠠᠶᠢᠯᠠᠪᠠ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠲᠢᠩᠬᠢᠮ ᠤᠨ ᠬᠠᠷᠢᠶ᠎ᠠ ᠡᠯ᠎ᠡ ᠨᠢᠭᠡᠴᠢ ᠲᠥᠰᠦᠯ ᠤᠨ ᠠᠵᠢᠯ ᠤᠨ ᠬᠤᠪᠢᠶᠠᠷᠢᠯᠠᠯ ᠤᠨ ᠠᠭᠤᠯᠭ᠎ᠠ ᠶᠢᠨ ᠶᠣᠰᠣᠭᠠᠷ ᠠᠵᠢᠯ ᠢ ᠠᠬᠢᠭᠤᠯᠬᠤ ᠡᠬᠡ ᠲᠠᠩᠰᠠ ᠪᠠᠶᠢᠭᠤᠯᠵᠤ᠂ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ | ᠬᠡᠷᠡᠭᠲᠡᠶ ᠭᠡᠵᠦ ᠱᠠᠭᠠᠷᠳᠠᠪᠠ︔ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠲᠤᠰᠬᠠᠶ ᠬᠥᠮᠦᠨ ᠲᠣᠮᠢᠯᠠᠨ ᠠᠵᠢᠯ ᠤᠨ ᠠᠬᠢᠴᠠ ᠵᠢᠴᠢ ᠭᠠᠵᠠᠷ | ᠣᠷᠣᠨ ᠤ ᠭᠤᠤᠯᠳᠠᠯᠭ᠎ᠠ ᠲᠠᠢ ᠲᠤᠭ᠎ᠠ ᠪᠠᠷᠢᠮᠲᠠ ᠶᠢᠨ ᠲᠣᠬᠢᠷᠠᠭᠤᠯᠤᠯᠲᠠ ᠶᠢᠨ ᠬᠦᠰᠦᠨᠦᠭᠲᠦ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠠᠶᠤᠯ ᠥᠬᠡᠶ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠳᠤᠮᠳᠠ ᠠᠬᠢᠴᠠ ᠨᠢ ᠤᠳᠠᠭᠠᠨ᠂ ᠬᠠᠷᠢᠯᠴᠠᠨ | ᠲᠦᠯᠬᠢᠯᠴᠡᠬᠦ᠂ ᠬᠦᠨᠳᠦ ᠠᠴᠠ ᠵᠠᠶᠢᠯᠠᠵᠤ ᠬᠥᠩᠭᠡᠨ ᠢ ᠡᠷᠢᠬᠦ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠢᠯᠡᠷᠡᠯ ᠢ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠪᠠ᠃ | |