ᠵᠥᠩ ᠨᠠᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠠᠯᠠᠱᠠ ᠠᠶᠢᠮᠠᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠪᠥᠬᠦ ᠠᠶᠢᠮᠠᠭ ᠤᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠰᠢᠪᠲᠤᠯᠤᠯᠲᠠ ᠪᠠ ᠠᠵᠤ ᠦᠢᠯᠡᠰ ᠤᠨ ᠲᠠᠰ ᠳᠠᠪᠰᠢᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/24
   3 ᠳ᠋ᠤᠭᠠᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠵᠦᠩ ᠨᠠᠨ ᠶᠡᠭᠡ ᠰᠤᠷᠭᠠᠭᠤᠯᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ᠂ ᠬᠦᠳᠡᠷ ᠰᠣᠩᠭᠤᠬᠤ᠂ ᠲᠡᠮᠦᠷᠯᠢᠭ ᠪᠣᠯᠪᠠᠰᠤᠷᠠᠭᠤᠯᠬᠤ ᠵᠡᠷᠭᠡ ᠬᠦᠷᠢᠶᠡᠨ ᠤ ᠲᠤᠰᠬᠠᠶ ᠮᠡᠷᠭᠡᠵᠢᠯᠲᠡᠨ ᠫᠷᠤᠹᠧᠰᠰᠤᠷ ᠢᠶᠠᠷ ᠪᠦᠷᠢᠯᠳᠦᠭᠰᠡᠨ 10 ᠲᠤᠰᠬᠠᠶ ᠮᠡᠷᠭᠡᠵᠢᠯᠲᠡᠨ ᠤ ᠪᠦᠯᠬᠦᠮ ᠢ ᠨᠠᠷᠢᠨ ᠨᠢᠮᠪᠠᠶ ᠰᠣᠩᠭᠤᠨ ᠲᠣᠮᠢᠯᠠᠵᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠠᠯᠠᠱᠠ ᠵᠡᠭᠦᠨ ᠬᠤᠰᠢᠭᠤ ᠭᠤᠷᠪᠠᠨ ᠭᠠᠵᠠᠷ ᠢᠶᠠᠷ ᠲᠣᠭᠤᠷᠢᠨ ᠦᠵᠡᠵᠦ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠮᠠᠯᠲᠠᠵᠤ ᠰᠣᠩᠭᠤᠬᠤ ᠬᠠᠶᠢᠯᠤᠭᠤᠯᠬᠤ 12 ᠲᠥᠷᠥᠯ ᠵᠦᠢᠯ ᠢ ᠬᠠᠶᠢᠨ ᠪᠠᠶᠢᠴᠠᠭᠠᠵᠤ᠂ 22 ᠠᠭᠤᠷᠬᠠᠶ ᠶᠢᠨ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠡᠷᠡᠭᠴᠡᠭᠡ ᠱᠠᠭᠠᠷᠳᠠᠯᠭ᠎ᠠ ᠪᠠᠨ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠭᠦᠨᠵᠡᠭᠡᠶ ᠰᠤᠳᠤᠯᠤᠨ ᠠᠰᠠᠭᠤᠵᠤ᠂ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠰᠢᠪᠲᠤᠯᠤᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃  ᠲᠤᠰ ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤᠮᠳᠠ᠂ ᠵᠦᠩ ᠨᠠᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠠᠭᠤᠷᠬᠠᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠨᠥᠬᠦᠴᠡᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠵᠢᠴᠢ ᠨᠡᠭᠡᠭᠡᠨ ᠠᠰᠢᠭᠯᠠᠭᠰᠠᠨ ᠣᠳᠣᠬᠢ ᠪᠠᠶᠢᠳᠠᠯ ᠳᠤ ᠪᠦᠬᠦ ᠲᠠᠯ᠎ᠠ ᠶᠢᠨ ᠨᠠᠷᠢᠨ ᠨᠢᠭᠲᠠ ᠪᠠᠶᠢᠴᠠᠭᠠᠯᠲᠠ ᠪᠠ ᠰᠤᠳᠤᠯᠤᠯᠲᠠ ᠬᠢᠵᠡᠢ᠃ ᠠᠭᠤᠷᠬᠠᠶ ᠶᠢᠨ ᠠᠵᠤ ᠠᠬᠤᠶᠢᠯᠠᠯ ᠲᠠᠢ ᠭᠦᠨᠵᠡᠭᠡᠶ ᠰᠣᠯᠢᠯᠴᠠᠭ᠎ᠠ ᠬᠢᠬᠦ ᠪᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠳ ᠠᠵᠤ ᠠᠬᠤᠶᠢᠯᠠᠯ ᠤᠨ ᠠᠭᠤᠷᠬᠠᠶ ᠡᠷᠢᠬᠦ᠂ ᠠᠭᠤᠷᠬᠠᠶ ᠮᠠᠯᠲᠠᠬᠤ᠂ ᠲᠡᠮᠦᠷᠯᠢᠭ ᠬᠠᠶᠢᠯᠤᠭᠤᠯᠬᠤ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ᠂ ᠵᠦᠩ ᠨᠠᠨ ᠶᠡᠭᠡ ᠰᠤᠷᠭᠠᠭᠤᠯᠢ ᠶᠢᠨ ᠥᠩᠭᠡᠲᠦ ᠲᠡᠮᠦᠷᠯᠢᠭ ᠵᠢᠴᠢ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠬᠦᠳᠡᠷ ᠡᠷᠢᠬᠦ ᠵᠡᠷᠭᠡ ᠲᠠᠯ᠎ᠠ ᠶᠢᠨ ᠮᠡᠷᠭᠡᠵᠢᠯ ᠤᠨ ᠳᠠᠪᠠᠭᠤᠯᠢᠭ ᠢ ᠬᠡᠷᠬᠢᠨ ᠠᠰᠢᠭᠯᠠᠬᠤ ᠲᠤᠬᠠᠶ ᠠᠵᠤ ᠠᠬᠤᠶᠢᠯᠠᠯ ᠳᠤ ᠮᠡᠷᠭᠡᠵᠢᠯ ᠤᠨ ᠳᠡᠮᠵᠢᠯᠭᠡ ᠬᠠᠩᠭᠠᠬᠤ ᠪᠠ ᠰᠢᠢᠳᠪᠦᠷᠢᠯᠡᠬᠦ ᠲᠥᠰᠦᠯ ᠢ ᠭᠦᠨᠵᠡᠭᠡᠶ ᠰᠤᠳᠤᠯᠤᠨ ᠶᠠᠷᠢᠯᠴᠠᠪᠠ᠃  ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠦᠩ ᠨᠠᠨ ᠶᠡᠭᠡ ᠰᠤᠷᠭᠠᠭᠤᠯᠢ ᠠᠯᠠᠱᠠ ᠠᠶᠢᠮᠠᠭ ᠤᠨ ᠤᠯᠠᠨ ᠠᠭᠤᠷᠬᠠᠢ ᠶᠢᠨ ᠠᠵᠤ ᠠᠬᠤᠶᠢᠯᠠᠯ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠪᠠ᠃ ᠬᠤᠶᠠᠷ ᠲᠠᠯ᠎ᠠ ᠪᠠᠷ ᠢᠶᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠠᠭᠤᠷᠬᠠᠶ ᠶᠢᠨ ᠭᠠᠷᠤᠯᠲᠠ ᠶᠢ ᠰᠣᠩᠭᠤᠨ ᠪᠣᠯᠪᠠᠰᠤᠷᠠᠭᠤᠯᠬᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠠᠯᠠᠱᠠ ᠠᠶᠢᠮᠠᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠬᠠᠮᠲᠤ ᠪᠠᠷ ᠠᠬᠢᠭᠤᠯᠬᠤ ᠪᠤᠯᠤᠨ᠎ᠠ᠃  ᠲᠤᠰ ᠤᠳᠠᠭᠠᠨ ᠤ ᠵᠥᠩ ᠨᠠᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠬᠠᠮᠲᠤᠷᠠᠨ ᠠᠵᠢᠯᠯᠠᠬᠤ ᠵᠥᠪᠳᠡᠯᠴᠡᠬᠡᠷ ᠨᠢ ᠠᠯᠠᠱᠠ ᠠᠶᠢᠮᠠᠭ ᠤᠨ ᠠᠭᠤᠷᠬᠠᠶ ᠶᠢᠨ ᠠᠵᠤ ᠠᠬᠤᠶᠢᠯᠠᠯ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠭᠰᠠᠨ ᠢᠶᠠᠷ ᠪᠠᠷᠠᠬᠤ ᠥᠬᠡᠶ᠂ ᠪᠠᠰᠠ ᠵᠥᠩ ᠨᠠᠨ ᠶᠡᠭᠡ ᠰᠤᠷᠭᠠᠭᠤᠯᠢ ᠶᠢᠨ ᠥᠩᠭᠡᠲᠦ ᠲᠡᠮᠦᠷᠯᠢᠭ ᠵᠢᠴᠢ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠠᠭᠤᠷᠬᠠᠶ ᠡᠷᠢᠬᠦ ᠵᠡᠷᠭᠡ ᠬᠦᠷᠢᠶᠡᠨ ᠳᠠᠬᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡ ᠳᠤ ᠨᠠᠩ ᠥᠷᠭᠡᠨ ᠠᠭᠤᠳᠠᠮ ᠣᠷᠣᠨ ᠵᠠᠶ ᠬᠠᠩᠭᠠᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ᠂ ᠤᠯᠤᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠠᠭᠤᠷᠬᠠᠢ ᠡᠷᠢᠬᠦ ᠠᠵᠢᠯ ᠤᠨ ᠨᠡᠩ ᠢᠯᠡᠳᠲᠡ ᠦᠷ᠎ᠡ ᠪᠦᠲᠦᠮᠵᠢ ᠤᠯᠬᠤ ᠶᠢ ᠬᠠᠮᠲᠤᠪᠠᠷ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ 
ᠢᠷᠡᠯᠲᠡ᠄ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ