ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ | ᠬᠥᠭᠵᠢᠯᠲᠡ ᠶᠢ ᠪᠠᠲᠤᠯᠠᠬᠤ᠂ ᠡᠬᠢ ᠪᠠᠶᠠᠯᠢᠭ ᠢ ᠬᠠᠮᠠᠭᠠᠯᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠠᠷ ᠭᠤᠤᠯ ᠱᠤᠭᠤᠮ ᠪᠣᠯᠭᠠᠵᠤ᠂ ᠬᠦᠴᠦᠨ | ᠵᠦᠢᠯ ᠤᠨ ᠪᠠᠲᠤᠯᠠᠭ᠎ᠠ ᠶᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠢᠨ᠎ᠡ ᠶᠢ ᠡᠭᠦᠳᠦᠨ ᠰᠢᠪᠲᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠤᠷᠤᠭᠰᠢᠲᠠᠶ | ᠨᠠᠶᠢᠳᠠᠪᠤᠷᠢᠵᠢᠭᠤᠯᠬᠤ ᠵᠢᠴᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠤᠷᠢᠳᠠᠪᠠᠷ ᠲᠥᠯᠥᠪᠵᠢᠭᠦᠯᠵᠦ᠂ ᠬᠥᠭᠵᠢᠯᠲᠡ ᠶᠢᠨ ︽ᠣᠷᠣᠨ ᠵᠠᠢ ᠶᠢᠨ ᠰᠠᠭᠤᠷᠢ︾ ᠶᠢ ᠪᠠᠬᠢᠵᠢᠭᠦᠯᠪᠡ᠃ ᠤᠯᠤᠰ ᠤᠨ ᠭᠠᠵᠠᠷ ᠰᠢᠷᠤᠢ ᠶᠢᠨ ᠣᠷᠣᠨ | ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠩᠭᠢᠯᠠᠭ᠎ᠠ ᠶᠢᠨ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠠᠮᠢ ᠠᠬᠤᠶ ᠶᠢᠨ ᠬᠠᠮᠠᠭᠠᠯᠠᠯᠲᠠ ᠪᠠ | ᠨᠡᠭᠡᠭᠡᠨ ᠬᠥᠭᠵᠢᠭᠦᠯᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ︽ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ | ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶︾ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠣᠯᠵᠤ᠂ ︽ᠤᠯᠠᠨ ᠵᠢᠷᠤᠮᠵᠢᠭᠤᠯᠬᠤ ᠶᠢ ᠨᠡᠶᠢᠯᠡᠭᠦᠯᠵᠦ ᠨᠢᠭᠡ ᠪᠤᠯᠭᠠᠬᠤ︾ ᠶᠢ ᠠᠩᠬ᠎ᠠ ᠤᠳᠠᠭ᠎ᠠ ᠪᠡᠶᠡᠯᠡᠭᠦᠯᠵᠦ᠂ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ | ᠱᠤᠭᠤᠮ ᠤᠨ ︽ᠭᠤᠷᠪᠠᠨ ᠬᠢᠵᠠᠭᠠᠷᠯᠠᠬᠤ ᠱᠤᠭᠤᠮ︾ ᠢ ᠲᠣᠳᠣᠷᠬᠠᠶᠢᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠭᠦᠢᠴᠡᠳ ᠣᠷᠣᠨ ᠵᠠᠶ ᠦᠯᠡᠳᠡᠭᠡᠵᠦ ᠥᠭᠪᠡ᠃ ᠣᠳᠣᠬᠠᠨ ᠳᠤ᠂ | ᠲᠥᠯᠥᠪᠵᠢᠭᠦᠯᠭᠡ ᠶᠢᠨ ᠳᠠᠭᠠᠭᠤᠯᠭ᠎ᠠ ᠳᠣᠤᠷ᠎ᠠ᠂ ᠪᠥᠬᠦ ᠬᠤᠰᠢᠭᠤᠨ ᠤ 28 ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠷᠢᠯᠢᠭ | ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠪᠡ᠃ | ᠡᠬᠢ ᠪᠠᠶᠠᠯᠢᠭ ᠢᠶᠠᠷ ᠡᠨᠧᠷᠭᠢ ᠣᠯᠭᠤᠵᠤ᠂ ᠠᠵᠤ ᠦᠢᠯᠡᠰ ᠤᠨ ︽ᠬᠥᠳᠡᠯᠭᠡᠬᠦ ᠬᠦᠴᠦᠨ ᠤ ᠬᠥᠳᠡᠯᠭᠡᠭᠦᠷ︾ ᠢ ᠢᠳᠡᠪᠬᠢᠵᠢᠭᠦᠯᠪᠡ᠃ ᠪᠣᠬᠢᠷᠲᠤᠯ ᠥᠬᠡᠶ | ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ | ᠴᠢᠬᠤᠯᠠ ᠶᠡᠭᠡ ᠲᠥᠷᠥᠯ ᠵᠦᠢᠯ ᠤᠨ ︽ᠲᠤᠰᠬᠠᠶ ᠠᠩᠭᠢ ᠶᠢ ᠵᠣᠯᠭᠠᠭᠤᠯᠬᠤ᠂ ᠤᠷᠢᠳᠴᠢᠯᠠᠨ ᠣᠷᠣᠯᠴᠠᠬᠤ᠂ ᠪᠥᠬᠦ ᠬᠡᠯᠬᠢᠶ᠎ᠡ ᠪᠠᠷ ᠦᠢᠯᠡᠴᠢᠯᠡᠬᠦ︾ ᠥᠨᠳᠥᠷ | ᠪᠦᠲᠦᠮᠵᠢᠲᠡᠶ ᠵᠠᠭᠪᠤᠷ ᠢ ᠪᠠᠶᠢᠭᠤᠯᠤᠨ᠎ᠠ᠃ 2023 ᠣᠨ ᠠᠴᠠ ᠨᠠᠭᠠᠰᠢ᠂ ᠤᠯᠤᠰ ᠤᠨ ᠬᠡᠷ ᠤᠨ ᠴᠠᠬᠢᠯᠭᠠᠨ ᠬᠡᠷᠡᠭᠰᠡᠯ ᠤᠨ ᠪᠠᠯᠠ ᠣᠷᠣᠭᠤᠯᠤᠯᠲᠠ ᠶᠢᠨ | ᠺᠣᠮᠫᠠᠨᠢ ᠶᠢᠨ ᠤᠯᠠᠭᠠᠨᠬᠠᠳᠠ ᠶᠢᠨ ᠪᠠᠭᠠᠷᠢᠨ ᠪᠠᠷᠠᠭᠤᠨ ᠬᠤᠰᠢᠭᠤᠨ ᠤ ᠢᠯᠴᠢ ᠶᠢᠨ ᠴᠠᠬᠢᠯᠭᠠᠨ ᠤ ᠢᠨᠵᠧᠨᠧᠷᠢᠩ 44 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ᠂ ᠵᠢᠩ ᠨᠧᠩ ᠣᠩᠭᠤᠨ ᠠᠭᠤᠯᠠ ᠶᠢᠨ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠰᠢᠨ᠎ᠡ | ᠡᠨᠧᠷᠭᠢ ᠶᠢᠨ ᠢᠨᠵᠧᠨᠧᠷᠢᠩ ᠳᠤ ᠭᠠᠵᠠᠷ ᠬᠡᠷᠡᠭᠯᠡᠬᠦ ᠭᠠᠷᠳᠠᠮ ᠢ ᠥᠨᠳᠥᠷ ᠪᠦᠲᠦᠮᠵᠢᠲᠡᠶ ᠪᠠᠷ ᠭᠦᠢᠴᠡᠳᠭᠡᠵᠦ᠂ ᠲᠥᠷᠥᠯ ᠵᠦᠢᠯ ᠢ 3 ᠰᠠᠷ᠎ᠠ ᠤᠷᠢᠳᠴᠢᠯᠠᠨ ᠠᠵᠢᠯ | ᠡᠬᠢᠯᠡᠭᠦᠯᠬᠦ ᠶᠢ ᠳᠥᠯᠭᠢᠨ ᠠᠬᠢᠭᠤᠯᠵᠤ᠂ ᠵᠢᠱᠢᠯᠲᠡ ᠪᠠᠷ ᠵᠢᠯ ᠪᠦᠷᠢ ᠰᠢᠨ᠎ᠡ ᠪᠠᠷ ᠨᠡᠮᠡᠭᠳᠡᠭᠰᠡᠨ ᠪᠤᠬᠢᠷᠳᠤᠯ ᠦᠭᠡᠢ ᠴᠠᠬᠢᠯᠭᠠᠨ 10 ᠳ᠋ᠦᠩᠰᠢᠭᠤᠷ ᠺᠢᠯᠣᠸᠠᠲ ᠴᠠᠭ ᠢ | ᠳᠠᠪᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 80 ᠲᠦᠮᠡᠨ ᠲᠣᠨ ᠪᠠᠭᠠᠰᠬᠠᠬᠤ ᠪᠣᠯᠤᠨ᠎ᠠ᠃ ᠡᠭᠦᠨ ᠤ ᠬᠠᠮᠲᠤ᠂ 126 | ᠮᠦ ᠰᠤᠯᠠ ᠪᠠᠶᠢᠭ᠎ᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠤᠷᠢᠳᠠᠪᠠᠷ ᠪᠠᠲᠤᠯᠠᠵᠤ᠂ | 2000 ᠬᠥᠮᠦᠨ ᠢ ᠳᠠᠶᠢᠴᠢᠯᠠᠨ ᠠᠵᠢᠯ ᠣᠯᠭᠤᠵᠤ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ︽ᠬᠤᠣᠰ ᠠᠮᠵᠢᠯᠲᠠ︾ | ᠶᠢ ᠪᠡᠶᠡᠯᠡᠭᠦᠯᠪᠡ᠃ | ᠬᠢᠨᠠᠨ ᠵᠥᠪᠰᠢᠶᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ︽ᠴᠤ᠋ ᠰᠢᠨ᠎ᠡ ᠬᠤᠷᠳᠤᠴᠠ︾ ᠶᠢ ᠪᠤᠢ ᠪᠣᠯᠭᠠᠪᠠ᠃ ᠲᠥᠷᠥᠯ | ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤᠮᠳᠠᠬᠢ ᠲᠦᠭᠵᠢᠷᠡᠯ ᠠᠰᠠᠭᠤᠳᠠᠯ ᠳᠤ ᠴᠢᠭᠯᠡᠭᠦᠯᠦᠨ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ᠂ | ᠨᠡᠶᠢᠯᠡᠭᠦᠯᠦᠨ ᠬᠢᠨᠠᠨ ᠪᠠᠶᠢᠴᠠᠭᠠᠬᠤ᠂ ᠴᠠᠭ ᠬᠢᠵᠠᠭᠠᠷᠯᠠᠨ ᠭᠦᠢᠴᠡᠳᠭᠡᠵᠦ ᠳᠠᠭᠤᠰᠬᠠᠬᠤ︾ ᠲᠣᠭᠲᠠᠴᠠ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠢ 40% ᠪᠠᠷ ᠪᠠᠭᠠᠰᠬᠠᠪᠠ᠃ ︽ᠲᠥᠯᠥᠪᠵᠢᠭᠦᠯᠭᠡ ᠶᠢᠨ ᠵᠥᠪᠰᠢᠶᠡᠷᠡᠯ ᠤᠨ ᠡᠯᠧᠺᠲᠷᠣᠨ ᠦᠨᠡᠮᠯᠡᠯ︾ ᠤᠨ ᠰᠢᠰᠲ᠋ᠧᠮ ᠢᠶᠠᠷ ᠳᠠᠮᠵᠢᠭᠤᠯᠤᠨ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠵᠦ᠂ ᠪᠥᠬᠦ ᠵᠢᠯ ᠳᠤ ᠢᠨᠵᠧᠨᠧᠷᠢᠩ ᠤᠨ ᠠᠵᠢᠯ | ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠦᠨᠡᠮᠯᠡᠯ ᠢ 68 ᠳᠡᠪᠲᠡᠷ ᠬᠠᠷᠭᠤᠭᠤᠯᠤᠨ ᠣᠯᠭᠤᠵᠤ᠂ ᠠᠵᠤ ᠠᠬᠤᠶᠢᠯᠠᠯ ᠤᠨ | ᠬᠠᠨᠤᠮᠵᠢ ᠶᠢᠨ ᠬᠡᠮᠵᠢᠶ᠎ᠡ ᠨᠢ 98% ᠳᠤ ᠬᠥᠷᠪᠡ᠃ ᠡᠭᠦᠨ ᠠᠴᠠ ᠭᠠᠳᠠᠨ᠎ᠠ᠂ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ︽ | ᠭᠠᠵᠠᠷ ᠬᠡᠷᠡᠭᠯᠡᠬᠦ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠡᠬᠡ ᠲᠠᠩᠰᠠ ᠶᠢ ᠪᠠᠶᠢᠭᠤᠯᠤᠨ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠦᠭᠰᠡᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ︽ | ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ︽ᠰᠠᠯᠬᠢ | ᠭᠡᠷᠡᠯ ᠤᠰᠤᠲᠥ᠋ᠷᠥᠭᠴᠢ ᠶᠢ ᠨᠥᠭᠡᠴᠡᠯᠡᠬᠦ︾ ᠶᠢ ᠨᠢᠭᠡ ᠴᠣᠭᠴᠠᠵᠢᠭᠤᠯᠤᠭᠰᠠᠨ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠵᠦ᠂ ᠰᠢᠨ᠎ᠡ ᠡᠨᠧᠷᠭᠢ ᠶᠢᠨ | ᠠᠵᠤ ᠦᠢᠯᠡᠰ ᠤᠨ ᠪᠦᠯᠦᠭᠵᠢᠨ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠬᠤᠳᠠᠯᠳᠤᠬᠤ ᠵᠠᠭᠪᠤᠷ ᠢ ᠳᠡᠯᠭᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠳᠤ ᠨᠠᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | |