ᠦᠰᠦᠭ ᠪᠢᠴᠢᠭ ᠢᠶᠠᠷ ᠦᠭᠦᠯᠡᠭᠦᠢ᠄ ︽ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/3/28
  ᠨᠢᠭᠡ᠂ ᠨᠡᠶᠢᠲᠡᠯᠡᠭᠰᠡᠨ ᠠᠬᠤᠶ ᠪᠠᠶᠢᠳᠠᠯ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠠᠭᠤᠷᠬᠠᠶ ᠶᠢᠨ ᠦᠢᠯᠡᠰ ᠤᠨ ᠡᠷᠬᠡ ᠶᠢ ᠳᠡᠩᠰᠡᠯᠡᠨ ᠬᠢᠨᠠᠨ ᠵᠥᠪᠰᠢᠶᠡᠷᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠭᠦᠨᠵᠡᠭᠡᠶ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠠᠭᠤᠷᠬᠠᠶ ᠶᠢᠨ ᠦᠢᠯᠡᠰ ᠤᠨ ᠡᠷᠬᠡ ᠶᠢ ᠳᠡᠩᠰᠡᠯᠡᠨ ᠲᠡᠮᠳᠡᠭᠯᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃  ᠬᠤᠶᠠᠷ᠂ ᠭᠤᠣᠯ ᠠᠭᠤᠯᠭ᠎ᠠ  ︽ᠮᠡᠳᠡᠭᠳᠡᠯ︾ ᠳᠤ ᠨᠡᠶᠢᠲᠡ 11 ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃  ︵ᠨᠢᠭᠡ︶ ᠬᠠᠮᠲᠤᠷᠠᠨ ᠭᠠᠷ ᠤᠨ ᠦᠰᠦᠭ ᠵᠢᠷᠤᠬᠤ ᠭᠠᠵᠠᠷ ᠠᠯᠪᠠᠨ ᠭᠡᠷ ᠢ ᠬᠠᠰᠤᠨ᠎ᠠ  1. ᠭᠠᠵᠠᠷ ᠰᠢᠨᠵᠢᠯᠡᠭᠡᠨ ᠤ ᠭᠠᠵᠠᠷ ᠬᠠᠮᠲᠤ ᠶᠢᠨ ᠭᠠᠷ ᠤᠨ ᠦᠰᠦᠭ ᠵᠢᠷᠤᠬᠤ ᠳᠤ ᠣᠷᠣᠯᠴᠠᠬᠤ ᠦᠭᠡᠢ᠃  2. ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠨᠡᠷ᠎ᠡ ᠶᠢ ᠬᠤᠪᠢᠷᠠᠭᠤᠯᠬᠤ᠂ ᠰᠢᠯᠵᠢᠭᠦᠯᠦᠨ ᠥᠭᠬᠦ ᠶᠢ ᠵᠥᠪᠬᠡᠨ ᠠᠭᠤᠷᠬᠠᠶ ᠶᠢᠨ ᠦᠢᠯᠡᠰ ᠤᠨ ᠡᠷᠬᠡ ᠶᠢᠨ ᠭᠠᠵᠠᠷ ᠠᠴᠠ ᠬᠢᠨᠠᠨ ᠪᠠᠶᠢᠴᠠᠭᠠᠵᠤ᠂ ᠪᠤᠰᠤᠳ ᠭᠠᠵᠠᠷ ᠠᠯᠪᠠᠨ ᠲᠠᠰᠤᠭ ᠨᠢ ᠳᠠᠬᠢᠵᠤ ᠭᠠᠷ ᠤᠨ ᠦᠰᠦᠭ ᠵᠢᠷᠤᠬᠤ ᠥᠬᠡᠶ᠃  ︵ᠬᠤᠶᠠᠷ︶ ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠶᠢ ᠬᠠᠰᠤᠨ᠎ᠠ  ᠮᠤᠵᠢ ᠬᠤᠲᠠ ᠰᠢᠶᠠᠨ ᠤ ᠭᠤᠷᠪᠠᠨ ᠱᠠᠲᠤᠨ ᠤ ᠬᠠᠮᠲᠤᠷᠠᠨ ᠬᠢᠨᠠᠬᠤ᠂ ᠬᠤᠲᠠ ᠰᠢᠶᠠᠨ ᠤ ᠬᠤᠶᠠᠳᠤᠭᠠᠷ ᠳᠡᠰ ᠤᠨ ᠬᠠᠮᠲᠤᠷᠠᠨ ᠬᠢᠨᠠᠬᠤ ᠶᠢ ᠮᠤᠵᠢ ᠶᠢᠨ ᠱᠠᠲᠤ᠂ ᠬᠤᠲᠠ ᠶᠢᠨ ᠱᠠᠲᠤᠨ ᠤ ᠨᠢᠭᠡᠳᠦᠭᠡᠷ ᠳᠡᠰ ᠤᠨ ᠬᠢᠨᠠᠨ ᠪᠠᠶᠢᠴᠠᠭᠠᠯᠲᠠ ᠪᠣᠯᠭᠠᠨ ᠬᠠᠰᠤᠨ᠎ᠠ᠃  ︵ᠭᠤᠷᠪᠠ︶ ᠭᠤᠶᠤᠴᠢᠯᠠᠯ ᠢ ᠪᠠᠭᠠᠰᠬᠠᠬᠤ ᠴᠢᠬᠤᠯᠠ ᠨᠥᠬᠦᠴᠡᠯ  1. ᠨᠡᠭᠡᠭᠡᠨ ᠠᠰᠢᠭᠯᠠᠬᠤ ᠲᠥᠰᠦᠯ ᠢ ᠨᠡᠭᠡᠭᠡᠨ ᠠᠰᠢᠭᠯᠠᠬᠤ ᠲᠥᠰᠦᠯ᠂ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠳᠠᠩᠰᠠᠯᠠᠭᠤᠯᠬᠤ ᠮᠡᠳᠡᠭᠦᠯᠦᠯᠲᠡ ᠵᠢᠴᠢ ᠬᠢᠨᠠᠨ ᠲᠣᠭᠲᠠᠭᠠᠬᠤ ᠰᠠᠨᠠᠯ ︵ᠨᠢᠭᠤᠴᠠ ᠳᠤ ᠬᠤᠯᠪᠣᠭᠳᠠᠬᠤ ᠵᠦᠢᠯ ᠠᠴᠠ ᠭᠠᠳᠠᠨ᠎ᠠ︶᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠶᠣᠰᠣᠭᠠᠷ᠂ ︽ᠬᠡᠨ ᠬᠢᠨᠠᠨ ᠪᠠᠶᠢᠴᠠᠭᠠᠪᠠᠯ᠂ ᠬᠡᠨ ᠬᠠᠩᠭᠠᠬᠤ︾ ᠵᠠᠷᠴᠢᠮ ᠶᠣᠰᠣᠭᠠᠷ᠂ ᠬᠢᠨᠠᠨ ᠪᠠᠶᠢᠴᠠᠭᠠᠵᠤ ᠳᠠᠩᠰᠠᠯᠠᠬᠤ ᠨᠢᠭᠡᠴᠢ ᠠᠴᠠ ᠰᠢᠨ᠎ᠡ ᠠᠭᠤᠷᠬᠠᠶ ᠶᠢᠨ ᠡᠷᠬᠡ ᠶᠢᠨ ᠬᠢᠨᠠᠨ ᠵᠥᠪᠰᠢᠶᠡᠷᠡᠬᠦ ᠰᠢᠰᠲ᠋ᠧᠮ ᠳᠤ ᠵᠡᠷᠭᠡᠪᠡᠷ ᠣᠷᠣᠭᠤᠯᠵᠤ ᠳ᠋ᠠᠶᠢᠲ᠋ᠠ ᠬᠥᠮᠥᠷᠭᠡ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠥᠬᠦᠶ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠳᠤ ᠣᠷᠣᠭᠤᠯᠵᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠠᠴᠠ ᠬᠠᠩᠭᠠᠵᠤ ᠪᠣᠯᠬᠤ ᠥᠬᠡᠶ᠃  2. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠲᠠᠢ ᠨᠡᠪᠲᠡᠷᠡᠭᠦᠯᠵᠦ᠂ ᠭᠤᠶᠤᠴᠢᠯᠠᠬᠤ ᠭᠤᠭᠴᠤᠭ᠎ᠠ ᠶᠢᠨ ᠰᠦᠯᠵᠢᠶᠡᠨ ᠳᠡᠭᠡᠷ᠎ᠡ ᠭᠡᠷᠡᠴᠢᠯᠡᠬᠦ ᠶᠢ ᠪᠡᠶᠡᠯᠡᠭᠦᠯᠵᠦ᠂ ᠭᠤᠶᠤᠴᠢᠯᠠᠭᠴᠢ ᠶᠢ ᠡᠵᠡᠩᠨᠡᠯᠲᠡ ᠶᠢᠨ ᠦᠨᠡᠮᠯᠡᠯ ᠬᠠᠩᠭᠠᠬᠤ ᠶᠢ ᠱᠠᠭᠠᠷᠳᠠᠬᠤ ᠦᠭᠡᠢ᠃  ︵ᠲᠦᠷᠪᠡ︶ ᠰᠠᠨᠠᠯ ᠬᠤᠷᠢᠶᠠᠬᠤ ᠰᠠᠯᠠᠭ᠎ᠠ ᠮᠥᠴᠢᠷ ᠢ ᠬᠠᠰᠤᠨ᠎ᠠ  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠱᠤᠭᠤᠮ᠂ ᠣᠶᠢᠲᠤ ᠭᠠᠵᠠᠷ᠂ ᠨᠤᠲᠤᠭ ᠪᠡᠯᠴᠢᠭᠡᠷ᠂ ᠲᠡᠤᠬᠡ ᠶᠢᠨ ᠳᠤᠷᠠᠰᠬᠠᠯᠲᠤ ᠵᠦᠢᠯᠡᠰ ᠵᠡᠷᠭᠡ ᠲᠤᠭ᠎ᠠ ᠪᠠᠷᠢᠮᠲᠠ ᠶᠢ ᠰᠢᠨ᠎ᠡ ᠠᠭᠤᠷᠬᠠᠢ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠰᠢᠰᠲ᠋ᠧᠮ ᠳᠤ ᠣᠷᠣᠭᠤᠯᠵᠤ᠂ ᠭᠤᠶᠤᠴᠢᠯᠠᠬᠤ ᠦᠶ᠎ᠡ ᠳᠤ ᠳᠠᠪᠬᠤᠴᠠᠭᠰᠠᠨ ᠵᠠᠳᠠᠯᠤᠯᠲᠠ ᠶᠢᠨ ᠮᠡᠳᠡᠭᠦᠯᠦᠯᠲᠡ ᠪᠢᠴᠢᠵᠦ᠂ ᠮᠠᠯᠲᠠᠬᠤ ᠶᠢ ᠴᠠᠭᠠᠵᠠᠯᠠᠬᠤ ᠣᠷᠣᠨ ᠳᠤ ᠬᠤᠯᠪᠣᠭᠳᠠᠬᠤ ᠦᠭᠡᠢ ᠮᠡᠳᠡᠭᠦᠯᠦᠯᠲᠡ ᠶᠢᠨ ᠭᠤᠶᠤᠴᠢᠯᠠᠯ ᠢ ᠬᠢᠨᠠᠨ ᠪᠠᠶᠢᠴᠠᠭᠠᠬᠤ ᠳᠠᠭᠠᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠳᠠᠬᠢᠵᠤ ᠬᠤᠷᠢᠶᠠᠬᠤ ᠦᠭᠡᠢ᠃  ︵ᠲᠠᠪᠤ︶ ᠨᠡᠶᠢᠯᠡᠭᠦᠯᠵᠦ ᠰᠢᠢᠳᠪᠦᠷᠢᠯᠡᠬᠦ ᠵᠦᠢᠯᠡᠰ  ᠤᠷᠢᠳᠠᠪᠠᠷ ᠠᠭᠤᠷᠬᠠᠶ ᠡᠷᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠪᠠᠷ ᠭᠤᠶᠤᠴᠢᠯᠠᠵᠤ᠂ ᠳᠠᠷᠠᠭ᠎ᠠ ᠨᠢ ᠠᠭᠤᠷᠬᠠᠶ ᠡᠷᠢᠬᠦ ᠡᠷᠬᠡ ᠶᠢ ᠰᠠᠯᠭᠠᠬᠤ᠂ ᠠᠭᠤᠷᠬᠠᠶ ᠡᠷᠢᠬᠦ ᠡᠷᠬᠡ ᠶᠢ ᠬᠦᠴᠦᠨ ᠦᠭᠡᠶ ᠪᠣᠯᠭᠠᠬᠤ ᠵᠡᠷᠭᠡ ᠵᠦᠢᠯᠡᠰ ᠢ ᠭᠦᠢᠴᠡᠳᠬᠡᠬᠦ ᠪᠠᠷ ᠭᠤᠶᠤᠴᠢᠯᠠᠬᠤ ᠳᠤ᠂ ᠰᠢᠨ᠎ᠡ ᠪᠠᠷ ᠬᠢᠨᠠᠨ ᠵᠥᠪᠰᠢᠶᠡᠷᠡᠬᠦ ᠰᠢᠰᠲ᠋ᠧᠮ ᠳᠤ ᠨᠡᠶᠢᠯᠡᠭᠦᠯᠵᠦ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠠᠴᠠ ᠬᠠᠮᠲᠤ ᠳᠤᠨᠢ ᠭᠤᠶᠤᠴᠢᠯᠠᠨ᠂ ᠨᠢᠭᠡ ᠤᠳᠠᠭ᠎ᠠ ᠳᠤ ᠬᠢᠨᠠᠨ ᠵᠥᠪᠰᠢᠶᠡᠷᠡᠨ᠎ᠡ᠃  ︵ᠵᠢᠷᠭᠤᠭ᠎ᠠ︶ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠠᠰᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠨᠢᠭᠡ ᠳᠤ᠂ ᠰᠢᠨ᠎ᠡ ᠪᠠᠷ ᠪᠠᠶᠢᠭᠤᠯᠬᠤ ᠬᠢᠨᠠᠨ ᠵᠥᠪᠰᠢᠶᠡᠷᠡᠬᠦ ᠰᠢᠰᠲ᠋ᠧᠮ ᠢ ᠬᠤᠶᠠᠷ ᠱᠠᠲᠤᠨ ᠠᠴᠠ ᠪᠠᠶᠢᠷᠢᠯᠠᠭᠤᠯᠬᠤ ᠠᠴᠠ ᠨᠢᠭᠡ ᠱᠠᠲᠤᠨ ᠤ ᠪᠠᠶᠢᠷᠢᠯᠠᠭᠤᠯᠤᠯᠲᠠ ᠪᠣᠯᠭᠠᠨ ᠬᠤᠪᠢᠷᠠᠭᠤᠯᠬᠤ ᠶᠢᠨ ᠬᠠᠮᠲᠤ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠲᠡᠶᠢᠰᠢ ᠰᠢᠯᠵᠢᠭᠦᠯᠵᠦ᠂ ᠬᠤᠶᠠᠷ ᠱᠠᠲᠤᠨ ᠤ ᠪᠠᠶᠢᠷᠢᠯᠠᠭᠤᠯᠤᠭᠰᠠᠨ ᠲᠤᠭ᠎ᠠ ᠪᠠᠷᠢᠮᠲᠠ ᠨᠢ ᠨᠢᠭᠡᠳᠦᠯ ᠦᠭᠡᠢ᠂ ᠴᠠᠭ ᠲᠤᠬᠠᠢ ᠳᠤᠨᠢ ᠡᠳ᠋ᠯᠡᠬᠦ ᠦᠭᠡᠢ᠂ ᠶᠠᠰᠤ ᠴᠢᠨᠠᠷ ᠦᠷ᠎ᠡ ᠠᠰᠢᠭ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ ᠰᠢᠢᠳᠪᠦᠷᠢᠯᠡᠬᠦ ᠭᠤᠭᠴᠤᠭ᠎ᠠ ᠶᠢᠨ ᠣᠬᠤᠷ ᠮᠡᠳᠡᠭᠡ ᠵᠠᠩᠭᠢ ᠶᠢ ᠪᠠᠶᠢᠭᠤᠯᠬᠤ ᠶᠢᠨ ᠬᠠᠮᠲᠤ ᠰᠢᠢᠳᠪᠦᠷᠢᠯᠡᠬᠦ ᠬᠥᠮᠦᠨ ᠪᠠ ᠭᠤᠶᠤᠴᠢᠯᠠᠭᠴᠢ ᠳᠤ ᠮᠡᠳᠡᠭᠳᠡᠵᠦ᠂ ᠰᠢᠢᠳᠪᠦᠷᠢᠯᠡᠬᠦ ᠴᠠᠭ ᠤᠨ ᠬᠢᠵᠠᠭᠠᠷ ᠤᠨ ᠬᠢᠨᠠᠯᠲᠠ ᠶᠢ ᠴᠢᠩᠭᠠᠳᠬᠠᠨ᠂ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠶᠢ ᠡᠮᠬᠢᠯᠡᠨ ᠬᠢᠨᠠᠨ ᠪᠠᠶᠢᠴᠠᠭᠠᠵᠤ᠂ ᠵᠢᠷᠤᠮᠵᠢᠭᠰᠠᠨ ᠬᠢᠨᠠᠨ ᠪᠠᠶᠢᠴᠠᠭᠠᠯᠲᠠ ᠶᠢᠨ ᠰᠠᠨᠠᠯ ᠢ ᠪᠦᠷᠢᠯᠳᠦᠭᠦᠯᠵᠦ᠂ ᠰᠢᠨ᠎ᠡ ᠬᠢᠨᠠᠨ ᠵᠥᠪᠰᠢᠶᠡᠷᠡᠬᠦ ᠰᠢᠰᠲ᠋ᠧᠮ ᠳᠤ ᠰᠢᠬᠢᠳᠭᠡᠨ᠎ᠡ᠃ ᠳᠥᠷᠪᠡ ᠳᠤ᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠲᠢᠩᠬᠢᠮ ᠤᠨ ᠰᠦᠯᠵᠢᠶᠡᠨ ᠳᠡᠭᠡᠷ᠎ᠡ ᠨᠡᠶᠢᠭᠡᠮ ᠳᠤ ᠴᠠᠭ ᠲᠤᠬᠠᠶ ᠳᠤ ᠨᠢ ᠢᠯᠡ ᠪᠣᠯᠭᠠᠨ᠎ᠠ᠃  ︵ᠳᠤᠯᠤᠭ᠎ᠠ︶ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ  1. ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠪᠦᠬᠦ ᠦᠶᠡᠯᠡᠯᠳᠣ ᠬᠠᠮᠢᠶᠠᠷᠤᠯᠲᠠ ᠶᠢᠨ ᠰᠢᠰᠲ᠋ᠧᠮ ︵ᠨᠢᠭᠡᠨᠲᠡ  ᠪᠠᠶᠢᠭᠤᠯᠤᠭᠰᠠᠨ︶ ᠪᠠᠶᠢᠭᠤᠯᠵᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠰᠣᠩᠭᠤᠬᠤ ᠬᠥᠮᠥᠷᠭᠡ᠂ ᠬᠢᠮᠳᠠ ᠪᠠᠷ ᠬᠤᠳᠠᠯᠳᠤᠵᠤ ᠪᠣᠯᠬᠤ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠯᠤᠭ᠎ᠠ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃  2. ᠲᠢᠩᠬᠢᠮ ᠤᠨ ᠫᠣᠷᠲ᠋ᠧᠯ ᠰᠦᠯᠵᠢᠶ᠎ᠡ ᠳᠤ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢᠨ ᠬᠡᠲᠦ ᠳᠡᠯᠭᠡᠭᠦᠷ ︵9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠢ ᠪᠠᠶᠢᠭᠤᠯᠵᠤ᠂ ᠪᠥᠬᠦ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠵᠤ ᠪᠣᠯᠬᠤ ᠶᠢ ᠨᠡᠶᠢᠭᠡᠮ ᠳᠤ ᠢᠯᠡ ᠪᠣᠯᠭᠠᠵᠤ᠂ ᠰᠠᠨᠠᠭ᠎ᠠ ᠲᠠᠢ ᠠᠵᠤ ᠠᠬᠤᠶᠢᠯᠠᠯ ᠨᠢ ᠰᠦᠯᠵᠢᠶᠡᠨ ᠳᠡᠭᠡᠷ᠎ᠡ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠰᠢᠯᠵᠢᠭᠦᠯᠦᠨ ᠬᠤᠳᠠᠯᠳᠤᠬᠤ ᠶᠢ ᠵᠣᠬᠢᠶᠠᠨ ᠪᠠᠶᠢᠭᠤᠯᠬᠤ ᠪᠠᠷ ᠭᠤᠶᠤᠴᠢᠯᠠᠵᠤ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠷᠠᠭᠤᠯᠤᠨ᠂ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃  ︵ᠨᠠᠢᠮᠠ︶ ᠰᠢᠯᠵᠢᠭᠦᠯᠦᠨ ᠬᠤᠳᠠᠯᠳᠤᠭᠰᠠᠨ ᠠᠰᠢᠭ ᠤᠷᠤᠯᠭ᠎ᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠦᠨ᠎ᠡ  ᠰᠢᠨ᠎ᠡ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠰᠢᠰᠲ᠋ᠧᠮ ᠳᠤ ᠲᠦᠰᠢᠭᠯᠡᠨ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠶᠢᠨ ᠬᠠᠮᠢᠶᠠᠷᠤᠯᠲᠠ ᠶᠢᠨ ᠬᠡᠰᠡᠭ ᠢ ᠪᠠᠶᠢᠭᠤᠯᠵᠤ᠂ ᠠᠭᠤᠷᠬᠠᠶ ᠶᠢᠨ ᠦᠢᠯᠡᠰ ᠤᠨ ᠡᠷᠬᠡ ᠨᠢᠭᠡᠪᠦᠷᠢ ᠶᠢᠨ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠲᠤᠰᠢᠶᠠᠭᠰᠠᠨ ᠪᠠᠶᠢᠳᠠᠯ ᠢ ᠰᠢᠰᠲ᠋ᠧᠮ ᠲᠠᠢ ᠪᠠᠷ ᠡᠮᠬᠢᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠥᠮᠥᠷᠭᠡ᠂ ᠨᠡᠭᠡᠭᠡᠨ ᠠᠰᠢᠭᠯᠠᠬᠤ ᠬᠥᠮᠥᠷᠭᠡ ᠯᠦᠭᠡ ᠵᠠᠳᠠᠯᠤᠨ ᠬᠠᠷᠢᠴᠠᠭᠤᠯᠬᠤ ᠪᠠᠷ ᠳᠠᠮᠵᠢᠭᠤᠯᠤᠨ᠂ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠶᠢᠨ ᠰᠠᠭᠤᠷᠢ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠶᠢᠨ ᠲᠤᠰᠢᠶᠠᠪᠠᠰᠤ ᠵᠣᠬᠢᠬᠤ ᠶᠢ ᠨᠢ ᠨᠢᠭᠡᠨᠲᠡ ᠲᠤᠰᠢᠶᠠᠭᠰᠠᠨ᠂ ᠲᠤᠰᠢᠶᠠᠭᠠᠳᠤᠶ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ᠃ ︵ᠣᠳᠣᠬᠠᠨ ᠳᠤ ᠬᠠᠮᠢᠶᠠᠷᠤᠯᠲᠠ ᠶᠢᠨ ᠬᠡᠰᠡᠭ ᠢ ᠨᠢᠭᠡᠨᠲᠡ ᠪᠠᠶᠢᠭᠤᠯᠵᠤ᠂ ᠵᠢᠱᠢᠯᠲᠡ ᠪᠠᠷ ᠵᠢᠯ ᠤᠨ ᠡᠴᠦᠰ ᠠᠴᠠ ᠡᠮᠦᠨ᠎ᠡ ᠡᠮᠬᠢᠯᠡᠨ ᠲᠢᠭᠯᠡᠬᠦ ᠶᠢ ᠳᠠᠭᠤᠰᠬᠠᠨ᠎ᠠ︶  ︵ᠶᠢᠰᠦ︶ ᠨᠢᠭᠡᠳᠦᠭᠰᠡᠨ ᠦᠨᠳᠦᠰᠦᠨ ᠭᠠᠶᠢᠯᠢ ᠶᠢᠨ ᠰᠢᠰᠲ᠋ᠧᠮ  ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠲᠠᠪᠤᠷᠢᠯᠠᠬᠤ ᠰᠢᠰᠲ᠋ᠧᠮ ᠤᠨ ᠲᠤᠭ᠎ᠠ ᠪᠠᠷᠢᠮᠲᠠ ᠲᠠᠢ ᠵᠣᠯᠭᠠᠭᠤᠯᠬᠤ ︵ᠲᠥᠯᠥᠪᠯᠡᠭᠡ ᠪᠠᠷ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠤᠨ᠎ᠠ︶ ᠶᠢ ᠨᠡᠪᠲᠡᠷᠡᠭᠦᠯᠵᠦ᠂ ᠠᠭᠤᠷᠬᠠᠢ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠷᠣᠯᠭ᠎ᠠ ᠶᠢᠨ ᠵᠠᠷᠤᠳᠠᠯ ᠤᠨ ᠮᠡᠳᠡᠭᠡ ᠵᠠᠩᠭᠢ ᠶᠢ ᠬᠦᠷᠭᠡᠬᠦ᠂ ᠲᠠᠲᠠᠪᠤᠷᠢᠯᠠᠭᠰᠠᠨ ᠦᠷ᠎ᠡ ᠳ᠋ᠦᠩ ᠢ ᠪᠤᠴᠠᠭᠠᠨ ᠳᠠᠮᠵᠢᠭᠤᠯᠬᠤ᠂ ᠫᠢᠶᠣᠣ ᠪᠠᠷᠢᠮᠲᠠ ᠶᠢ ᠲᠠᠩᠰᠠ ᠡᠪᠬᠡᠮᠡᠯ ᠳᠤ ᠣᠷᠣᠭᠤᠯᠬᠤ ᠶᠢ ᠠᠦ᠋ᠲ᠋ᠣᠴᠢᠯᠠᠨ ᠵᠣᠯᠭᠠᠭᠤᠯᠬᠤ ᠶᠢ ᠪᠡᠶᠡᠯᠡᠭᠦᠯᠦᠨ᠎ᠡ᠃  ︵ᠠᠷᠪᠠ︶ ᠳᠦᠷᠢᠮ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ  ᠨᠢᠭᠡᠨᠲᠡ ᠳᠠᠷᠤᠮᠠᠯᠯᠠᠨ ᠲᠠᠷᠬᠠᠭᠠᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ︵ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠢ ᠰᠢᠰᠲ᠋ᠧᠮ ᠲᠠᠢ ᠪᠠᠷ ᠡᠮᠬᠢᠯᠡᠨ ᠲᠢᠭᠯᠡᠨ᠎ᠡ᠃ ᠡᠭᠦᠨ ᠤ ᠬᠠᠮᠲᠤ ᠰᠢᠨ᠎ᠡ ᠠᠭᠤᠷᠬᠠᠢ ᠶᠢᠨ ᠬᠠᠤᠯᠢ ᠶᠢᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠤᠨ ᠲᠥᠯᠥᠪᠵᠢᠭᠦᠯᠭᠡ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃  ︵ᠠᠷᠪᠠᠨ ᠨᠢᠭᠡ︶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯᠯᠡᠭᠦᠯᠦᠨ᠂ ᠠᠶᠢᠮᠠᠭ ᠬᠤᠲᠠ᠂ ᠬᠤᠰᠢᠭᠤ ᠰᠢᠶᠠᠨ ᠢ ᠬᠠᠮᠤᠷᠤᠭᠰᠠᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠢᠯ ᠪᠦᠷᠢ ᠠᠳᠠᠭ ᠲᠠᠭᠠᠨ ᠬᠤᠶᠠᠷ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠶ᠃ ᠵᠢᠯ ᠪᠦᠷᠢ ᠨᠢᠭᠡ ᠤᠳᠠᠭ᠎ᠠ ᠤᠷ᠎ᠠ ᠴᠢᠳᠠᠪᠤᠷᠢ ᠶᠢᠨ ᠮᠥᠷᠦ᠋ᠢᠴᠡᠭᠡᠨ ᠢ ᠡᠷᠭᠢᠯᠡᠵᠦ᠂ ᠡᠩ ᠤᠨ ᠦᠶ᠎ᠡ ᠶᠢᠨ ᠠᠭᠤᠷᠬᠠᠢ ᠶᠢᠨ ᠦᠢᠯᠡᠰ ᠤᠨ ᠡᠷᠬᠡ ᠶᠢᠨ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠶᠡᠷᠦᠩᠬᠡᠢ ᠬᠢᠷᠢ ᠪᠦᠲᠦᠮᠵᠢ ᠳᠤ ᠣᠷᠣᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠰᠢᠮᠳᠠᠭᠤᠯᠤᠨ ᠳᠡᠭᠡᠭᠰᠢᠯᠡᠭᠦᠯᠦᠨ᠎ᠡ᠃  ᠭᠤᠷᠪᠠ᠂ ᠬᠤᠯᠪᠣᠭᠳᠠᠯ ᠪᠦᠬᠦᠢ ᠪᠠᠶᠢᠳᠠᠯ ᠤᠨ ᠲᠣᠳᠣᠷᠬᠠᠶᠢᠯᠠᠯᠲᠠ  ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ