ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠢᠯᠡᠷᠡᠭᠦᠯᠦᠭᠰᠡᠨ ᠠᠰᠠᠭᠤᠳᠠᠯ ᠢ ᠳᠠᠬᠢᠨ ᠬᠢᠨᠠᠬᠤ ᠪᠠ ᠵᠠᠳᠠᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2025/3/31
  ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠳᠠᠯᠠᠬᠤ ᠶᠢᠨ ᠲᠥᠯᠥᠭᠡ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 2024 ᠣᠨ ᠤ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠢᠯᠡᠷᠡᠭᠦᠯᠦᠭᠰᠡᠨ ᠠᠰᠠᠭᠤᠳᠠᠯ ᠢ ᠳᠠᠬᠢᠨ ᠬᠢᠨᠠᠬᠤ ᠪᠠ ᠵᠠᠳᠠᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃  ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠦᠨᠳᠦᠰᠦᠨ ᠱᠠᠲᠤᠨ ᠤ ᠠᠵᠢᠯ ᠤᠨ ᠳᠠᠷᠤᠭᠠᠰᠤ ᠶᠢ ᠬᠦᠩᠭᠡᠷᠡᠭᠦᠯᠪᠡ᠃ 2024 ᠣᠨ ᠤ ᠰᠢᠨ᠎ᠡ ᠬᠡᠯᠪᠡᠷᠢ᠂ ᠰᠢᠨ᠎ᠡ ᠬᠤᠪᠢᠷᠠᠯᠲᠠ ᠳᠣᠤᠷᠠᠬᠢ ᠳᠠᠭᠠᠭᠤᠯᠢ ᠣᠳᠣᠨ ᠤ ᠹᠢᠯᠢᠮ ᠤᠨ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ 2025 ᠣᠨ ᠤ ᠳᠠᠭᠠᠭᠤᠯᠢ ᠤᠳᠤᠨ ᠤ ᠬᠡᠷᠡᠯ ᠵᠢᠷᠤᠭ ᠤᠨ ᠠᠵᠢᠯ ᠢ ᠤᠷᠢᠳᠴᠢᠯᠠᠨ ᠲᠥᠯᠥᠪᠯᠡᠨ ᠪᠡᠯᠡᠳᠬᠡᠵᠦ᠂ ᠡᠯ᠎ᠡ ᠬᠤᠰᠢᠭᠤ ᠰᠢᠶᠠᠨ ᠬᠤᠲᠠ ᠶᠢ ᠵᠣᠬᠢᠶᠠᠨ ᠪᠠᠶᠢᠭᠤᠯᠵᠤ ᠪᠠᠶᠢᠭᠠᠳ ᠵᠢᠷᠤᠭ ᠪᠠᠭᠤᠯᠭᠠᠭᠰᠠᠨ ᠲᠣᠯᠪᠤ ᠶᠢ ᠳᠠᠬᠢᠨ ᠤᠶᠢᠯᠠᠭᠠᠨ ᠵᠢᠭᠰᠠᠭᠠᠵᠤ᠂ ᠳᠠᠬᠢᠨ ᠵᠠᠳᠠᠯᠵᠤ᠂ ᠬᠠᠤᠯᠢ ᠠᠴᠠ ᠵᠥᠷᠢᠴᠡᠭᠰᠡᠨ ᠠᠰᠠᠭᠤᠳᠠᠯ ᠣᠯᠠᠨ ᠡᠭᠦᠰᠦᠭᠰᠡᠨ ᠰᠢᠯᠲᠠᠭᠠᠨ ᠢ ᠡᠷᠢᠵᠦ᠂ ᠬᠠᠤᠯᠢ ᠠᠴᠠ ᠵᠥᠷᠢᠴᠡᠭᠰᠡᠨ ᠠᠰᠠᠭᠤᠳᠠᠯ ᠡᠭᠦᠰᠬᠦ ᠶᠢ ᠦᠨᠳᠦᠰᠦ ᠰᠤᠷᠪᠤᠯᠵᠢ ᠠᠴᠠ ᠨᠢ ᠪᠠᠭᠠᠰᠬᠠᠬᠤ ᠪᠠ ᠡᠵᠡᠮᠰᠢᠨ᠎ᠡ᠃ ᠳᠠᠬᠢᠨ ᠬᠢᠨᠠᠬᠤ ᠠᠰᠠᠭᠤᠳᠠᠯ ᠨᠢ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠠᠵᠢᠯᠲᠠᠳ ᠢ ᠵᠣᠬᠢᠶᠠᠨ ᠪᠠᠶᠢᠭᠤᠯᠤᠨ ᠡᠯ᠎ᠡ ᠬᠤᠰᠢᠭᠤ ᠰᠢᠶᠠᠨ ᠬᠤᠲᠠ ᠶᠢ ᠵᠢᠯᠣᠭᠤᠳᠤᠨ 2024 ᠣᠨ ᠤ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠣᠷᠣᠨ ᠰᠠᠭᠤᠴᠠ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠢᠯ ᠵᠡᠷᠭᠡ ᠡᠯ᠎ᠡ ᠲᠥᠷᠥᠯ ᠤᠨ ᠵᠢᠷᠤᠭᠲᠤ ᠲᠣᠯᠪᠤ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠬᠦᠴᠢᠷ ᠲᠦᠪᠡᠭᠲᠡᠶ ᠠᠰᠠᠭᠤᠳᠠᠯ ᠢ ᠡᠷᠢᠵᠦ᠂ ᠬᠢᠨᠠᠨ ᠵᠥᠪᠰᠢᠶᠡᠷᠡᠬᠦ ᠦᠵᠦᠭᠦᠷ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠰᠠᠨᠠᠯ ᠪᠠ ᠰᠠᠨᠠᠭᠤᠯᠭ᠎ᠠ ᠳᠤᠷᠠᠳᠪᠠ᠃ ᠮᠥᠷᠳᠡᠯᠲᠡ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠠᠰᠠᠭᠤᠳᠠᠯ ᠡᠭᠦᠰᠬᠦ ᠶᠢ ᠬᠤᠷᠢᠭᠯᠠᠪᠠ᠃ ᠬᠢᠩᠭᠠᠨ ᠠᠶᠢᠮᠠᠭ ᠤᠨ ᠳᠠᠭᠠᠭᠤᠯᠢ ᠣᠳᠣᠨ ᠤ ᠬᠤᠪᠢᠶᠠᠷᠢ ᠲᠥᠪ ᠤᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠰᠠᠯᠠᠭ᠎ᠠ ᠠᠯᠪᠠᠨ ᠲᠠᠰᠤᠭ ᠪᠠ ᠠᠵᠢᠯ ᠦᠢᠯᠡᠰ ᠤᠨ ᠨᠢᠭᠡᠴᠢ ᠶᠢᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠵᠤ᠂ 2025 ᠣᠨ ᠳᠤ 2024 ᠣᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠣᠯᠠᠨ ᠭᠠᠷᠳᠠᠭ ᠭᠤᠤᠯᠳᠠᠯᠭ᠎ᠠ ᠲᠠᠢ ᠬᠤᠰᠢᠭᠤ ᠰᠢᠶᠠᠨ ᠬᠤᠲᠠ ᠪᠠ ᠰᠢᠶᠠᠩ ᠪᠠᠯᠭᠠᠰᠤᠨ ᠳᠤ ᠦᠷᠭᠦᠯᠵᠢᠯᠡᠨ ᠮᠥᠷᠳᠡᠨ ᠬᠢᠨᠠᠯᠲᠠ ᠲᠠᠯᠪᠢᠵᠤ᠂ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠡᠭᠦᠰᠬᠦ ᠶᠢ ᠦᠨᠳᠦᠰᠦ ᠰᠤᠷᠪᠤᠯᠵᠢ ᠠᠴᠠ ᠨᠢ ᠬᠤᠷᠢᠭᠯᠠᠵᠤ᠂ ᠵᠢᠯ ᠤᠨ ᠡᠴᠦᠰ ᠲᠤ ᠶᠡᠭᠡ ᠬᠡᠮᠵᠢᠶᠡᠨ ᠤ ᠵᠢᠷᠤᠭᠲᠣ ᠲᠣᠯᠪᠤ ᠶᠢ ᠳᠣᠷᠣᠭᠰᠢ ᠪᠠᠭᠤᠯᠭᠠᠬᠤ ᠦᠶ᠎ᠡ ᠳᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠦᠨᠳᠦᠰᠦᠨ ᠱᠠᠲᠤᠨ ᠤ ᠳᠠᠷᠤᠭᠠᠰᠤ ᠶᠢ ᠪᠣᠢ ᠪᠣᠯᠭᠠᠬᠤ ᠠᠴᠠ ᠵᠠᠶᠢᠯᠠᠰᠭᠢᠪᠠ᠃  ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠨ᠎ᠠ᠃ 
ᠢᠷᠡᠯᠲᠡ᠄ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ