ᠥᠪᠥᠷ ᠮᠣᠩᠭᠤᠯ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠨᠢ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2025/3/6
3.6.jpg
  ᠲᠤᠰ ᠰᠣᠨᠢᠨ ᠬᠥᠬᠡᠬᠤᠲᠠ ᠶᠢᠨ 3 ᠳ᠋ᠤᠭᠠᠷ ᠰᠠᠷ᠎ᠠ ᠶᠢᠨ 3 ᠤ ᠡᠳᠦᠷ ᠤᠨ ᠴᠠᠭᠢᠯᠭᠠᠨ ᠮᠡᠳᠡᠭᠡ ᠰᠤᠷᠪᠤᠯᠵᠢᠯᠠᠭᠴᠢ ᠭᠤᠤ ᠫᠢᠩ᠂ ᠸᠠᠩ ᠰᠢᠶᠤᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠣᠶᠢᠷ᠎ᠠ ᠳᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠥᠪᠥᠷ ᠮᠣᠩᠭᠤᠯ ᠲᠥᠪ᠂ ᠣᠷᠣᠨ ᠨᠤᠲᠤᠭ ᠪᠠ ᠬᠤᠳᠠᠯᠳᠤᠭᠠᠨ ᠤ ᠴᠢᠨᠠᠷᠲᠠᠶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠣᠷᠣᠭᠤᠯᠤᠯᠲᠠ ᠨᠢ 16 ᠳ᠋ᠦᠩᠰᠢᠭᠤᠷ ᠲᠥᠭᠦᠷᠢᠭ ᠢ ᠳᠠᠪᠠᠵᠤ᠂ ᠲᠥᠪ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠵᠢᠯᠴᠠᠭ᠎ᠠ ᠳᠣᠤᠷ᠎ᠠ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠨᠢ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ ᠡᠭᠦᠨ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠮᠡᠭᠳᠡᠭᠦᠯᠬᠦ ᠠᠵᠢᠯ ᠳᠠᠬᠢᠨ ᠰᠢᠯᠢᠳᠡᠭ ᠠᠮᠵᠢᠯᠲᠠ ᠪᠦᠲᠦᠮᠵᠢ ᠣᠯᠵᠤ᠂ ᠰᠢᠨ᠎ᠡ ᠪᠠᠷ ᠨᠡᠮᠡᠭᠳᠡᠭᠰᠡᠨ ᠲᠡᠮᠦᠷ ᠤᠨ ᠬᠦᠳᠡᠷ ᠤᠨ ᠡᠬᠢ ᠪᠠᠶᠠᠯᠢᠭ 5.91 ᠳ᠋ᠦᠩᠰᠢᠭᠤᠷ ᠲᠣᠨ᠂ ᠰᠢᠨ᠎ᠡ ᠪᠠᠷ ᠨᠡᠮᠡᠭᠳᠡᠭᠰᠡᠨ ᠠᠯᠲᠠᠨ ᠤ ᠡᠬᠢ ᠪᠠᠶᠠᠯᠢᠭ 80.6 ᠲᠣᠨ᠂ ᠰᠢᠨ᠎ᠡ ᠪᠠᠷ ᠨᠡᠮᠡᠭᠳᠡᠭᠰᠡᠨ ᠮᠤᠯᠢᠪᠳᠧᠨ ᠤ ᠡᠬᠢ ᠪᠠᠶᠠᠯᠢᠭ 5.24 ᠲᠦᠮᠡᠨ ᠲᠣᠨ᠂ ᠰᠢᠨ᠎ᠡ ᠪᠠᠷ ᠨᠡᠮᠡᠭᠳᠡᠭᠰᠡᠨ ᠬᠠᠶᠢᠯᠤᠭᠤᠷ ᠵᠣᠩᠰᠢ ᠶᠢᠨ ᠡᠬᠢ ᠪᠠᠶᠠᠯᠢᠭ 1189.13 ᠲᠦᠮᠡᠨ ᠲᠣᠨ ᠪᠣᠯᠤᠨ᠎ᠠ᠃ ᠳᠠᠪᠠᠭᠤᠯᠢᠭ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠮᠡᠭᠳᠡᠯ ᠪᠠᠶᠢᠳᠠᠯ ᠰᠠᠶᠢᠨ ᠪᠠᠶᠢᠵᠤ᠂ ᠰᠢᠨ᠎ᠡ ᠪᠠᠷ ᠨᠡᠮᠡᠭᠳᠡᠭᠰᠡᠨ ᠨᠡᠭᠦᠷᠡᠰᠦᠨ ᠤ ᠡᠬᠢ ᠪᠠᠶᠠᠯᠢᠭ 127.59 ᠳ᠋ᠦᠩᠰᠢᠭᠤᠷ ᠲᠣᠨ᠂ ᠰᠢᠨ᠎ᠡ ᠪᠠᠷ ᠨᠡᠮᠡᠭᠳᠡᠭᠰᠡᠨ ᠮᠦᠩᠭᠦᠨ ᠤ ᠡᠬᠢ ᠪᠠᠶᠠᠯᠢᠭ 513.27 ᠲᠣᠨ᠂ ᠰᠢᠨ᠎ᠡ ᠪᠠᠷ ᠨᠡᠮᠡᠭᠳᠡᠭᠰᠡᠨ ᠬᠠᠷ᠎ᠠ ᠲᠤᠭᠤᠯᠭ᠎ᠠ ᠶᠢᠨ ᠡᠬᠢ ᠪᠠᠶᠠᠯᠢᠭ 22.21 ᠲᠦᠮᠡᠨ ᠲᠣᠨ᠂ ᠰᠢᠨ᠎ᠡ ᠪᠠᠷ ᠨᠡᠮᠡᠭᠳᠡᠭᠰᠡᠨ ᠴᠠᠶᠢᠷ ᠤᠨ ᠡᠬᠢ ᠪᠠᠶᠠᠯᠢᠭ 70.71 ᠲᠦᠮᠡᠨ ᠲᠣᠨ᠂ ᠰᠢᠨ᠎ᠡ ᠪᠠᠷ ᠨᠡᠮᠡᠭᠳᠡᠭᠰᠡᠨ ᠢᠨᠳᠢ ᠶᠢᠨ ᠡᠬᠢ ᠪᠠᠶᠠᠯᠢᠭ 397 ᠲᠣᠨ᠂ ᠰᠢᠨ᠎ᠡ ᠪᠠᠷ ᠨᠡᠮᠡᠭᠳᠡᠭᠰᠡᠨ ᠲᠠᠮᠠᠭ᠎ᠠ ᠶᠢᠨ ᠴᠢᠯᠠᠭᠤ ᠶᠢᠨ ᠡᠬᠢ ᠪᠠᠶᠠᠯᠢᠭ 177.2 ᠲᠦᠮᠡᠨ ᠲᠣᠨ᠂ ᠰᠢᠨ᠎ᠡ ᠪᠠᠷ ᠨᠡᠮᠡᠭᠳᠡᠭᠰᠡᠨ ᠴᠠᠰᠤᠨ ᠴᠠᠭᠠᠨ ᠬᠤᠵᠢᠷ ᠤᠨ ᠡᠬᠢ ᠪᠠᠶᠠᠯᠢᠭ 218.8 ᠲᠦᠮᠡᠨ ᠲᠣᠨ ᠪᠣᠯᠣᠨ᠎ᠠ᠃  ᠥᠪᠥᠷ ᠮᠣᠩᠭᠤᠯ ᠠᠭᠤᠷᠬᠠᠶ ᠡᠷᠢᠬᠦ ᠲᠤᠰᠬᠠᠶ ᠠᠵᠢᠯ ᠢ ᠵᠡᠷᠭᠡᠪᠡᠷ ᠥᠷᠨᠢᠭᠦᠯᠵᠦ᠂ ᠪᠤᠭᠤᠲᠤ ᠶᠢᠨ ᠪᠠᠶ᠋ᠬᠠᠣᠪᠤᠭ᠎ᠠ ᠶᠢᠨ ᠭᠠᠵᠠᠷ ᠣᠷᠣᠨ ᠳᠤ ᠠᠩᠬ᠎ᠠ ᠠᠯᠬᠤᠮ ᠲᠡᠮᠦᠷ᠂ ᠨᠢᠤᠪᠢ᠂ ᠬᠤᠪᠣᠷ ᠰᠢᠷᠣᠶ᠂ ᠠᠯᠳᠠ᠂ ᠬᠠᠶᠢᠯᠤᠭᠤᠷ ᠵᠣᠩᠰᠢ ᠵᠡᠷᠭᠡ 19 ᠭᠠᠵᠠᠷ ᠲᠤ ᠬᠦᠳᠡᠷ ᠡᠷᠢᠬᠦ ᠫᠠᠢ ᠶᠢᠨ ᠣᠷᠣᠨ ᠢ ᠬᠢᠨᠠᠨ ᠲᠣᠭᠲᠠᠭᠠᠵᠤ᠂ ᠲᠡᠮᠦᠷ᠂ ᠨᠢᠦᠪᠢ᠂ ᠬᠤᠪᠣᠷ ᠰᠢᠷᠣᠢ ᠶᠢ ᠡᠯᠪᠡᠭ ᠠᠬᠤᠭᠤᠯᠤᠭᠰᠠᠨ ᠪᠠᠶᠠᠨ᠋ᠣ᠋ᠪᠣᠭ᠎ᠠ ᠶᠢᠨ ᠡᠮᠦᠨᠡᠲᠦ ᠠᠭᠤᠷᠬᠠᠢ ᠶᠢᠨ ᠪᠦᠰᠡ ᠶᠢ ᠰᠢᠨ᠎ᠡ ᠪᠠᠷ ᠢᠯᠡᠷᠡᠭᠦᠯᠵᠦ᠂ ᠬᠦᠳᠡᠷ ᠤᠨ ᠬᠡᠪᠲᠡᠰᠢ ᠶᠢᠨ ᠬᠡᠪᠴᠢᠶ᠎ᠡ ᠨᠢ ᠬᠡᠳᠦ ᠲᠣᠮᠣ ᠬᠡᠯᠪᠡᠷᠢ ᠳᠤ ᠬᠦᠷᠬᠦ ᠶᠢ ᠤᠷᠢᠳᠴᠢᠯᠠᠨ ᠵᠢᠱᠢᠪᠡ︔ ᠠᠯᠠᠱᠠ ᠶᠢᠨ ᠬᠤᠶᠢᠲᠦ ᠠᠭᠤᠯᠠᠨ ᠣᠷᠣᠨ ᠳᠤ ᠠᠭᠤᠷᠬᠠᠶ ᠡᠷᠢᠬᠦ ᠳᠠᠯᠳᠠ ᠬᠦᠴᠦᠨ ᠤ ᠣᠷᠣᠨ ᠢ 10 ᠶᠢ ᠬᠦᠷᠢᠶᠡᠯᠡᠨ ᠲᠤᠭᠲᠠᠭᠠᠵᠤ᠂ 6 ᠠᠯᠲᠠᠨ ᠤ ᠠᠭᠤᠷᠬᠠᠶ ᠶᠢᠨ ᠭᠠᠷᠤᠯᠲᠠ ᠶᠢᠨ ᠭᠠᠵᠠᠷ᠂ 2 ᠸᠣᠯᠹᠷᠠᠮ ᠤᠨ ᠠᠭᠤᠷᠬᠠᠶ ᠶᠢᠨ ᠭᠠᠷᠤᠯᠲᠠ ᠶᠢᠨ ᠭᠠᠵᠠᠷ᠂ 1 ᠮᠤᠯᠢᠪᠳᠧᠨ ᠤ ᠠᠭᠤᠷᠬᠠᠶ ᠶᠢᠨ ᠭᠠᠷᠤᠯᠲᠠ ᠶᠢᠨ ᠭᠠᠵᠠᠷ ᠪᠠ 1 ᠲᠤᠭᠤᠯᠭ᠎ᠠ ᠴᠠᠶᠢᠷ ᠤᠨ ᠠᠭᠤᠷᠬᠠᠶ ᠶᠢᠨ ᠭᠠᠷᠤᠯᠲᠠ ᠶᠢᠨ ᠭᠠᠵᠠᠷ ᠪᠠᠭᠲᠠᠨ᠎ᠠ᠃  2025 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠦᠷᠭᠦᠯᠵᠢᠯᠡᠨ 7.5 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠣᠷᠣᠭᠤᠯᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤ ᠬᠡᠷᠡᠭᠯᠡᠵᠦ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢ ᠨᠡᠶᠢᠲᠡ 342 ᠪᠠᠶᠢᠷᠢᠯᠠᠭᠤᠯᠪᠠ᠃ ᠡᠭᠦᠨ ᠳᠤ 106 ᠲᠥᠷᠥᠯ ᠵᠦᠢᠯ ᠢ ᠰᠢᠨ᠎ᠡ ᠪᠠᠷ ᠨᠡᠭᠡᠭᠡᠵᠦ᠂ 236 ᠲᠥᠷᠥᠯ ᠵᠦᠢᠯ ᠢ ᠦᠷᠭᠦᠯᠵᠢᠯᠡᠨ ᠬᠢᠵᠦ᠂ ᠡᠭᠦᠨ ᠳᠤ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢ ᠪᠠᠶᠢᠴᠠᠭᠠᠬᠤ᠂ ᠣᠷᠣᠨ ᠬᠡᠰᠡᠭ ᠤᠨ ᠰᠢᠯᠢᠳᠡᠭ ᠢ ᠨᠢ ᠰᠣᠩᠭᠤᠨ ᠪᠠᠶᠢᠴᠠᠭᠠᠵᠤ ᠦᠨᠡᠯᠡᠬᠦ᠂ ᠲᠣᠰᠣ ᠬᠡᠢ ᠬᠢᠭᠡᠳ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠵᠢᠴᠢ ᠶᠡᠷᠦᠩᠬᠡᠶᠢᠯᠡᠨ ᠰᠤᠳᠤᠯᠬᠤ ᠲᠥᠷᠥᠯ ᠵᠦᠢᠯ ᠪᠠᠭᠲᠠᠨ᠎ᠠ᠃ 
ᠢᠷᠡᠯᠲᠡ᠄ ᠭᠤᠸᠠᠩ ᠮᠢᠩ ᠡᠳᠦᠷ ᠤᠨ ᠰᠣᠨᠢᠨ