ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠪᠠᠭᠲᠠᠨ᠎ᠠ︶ ᠤᠨ ᠦᠬᠠᠢ ᠶᠢᠨ ᠬᠡᠰᠡᠭ ᠤᠨ ᠲᠦᠷᠦᠯ ᠵᠦᠢᠯ ᠤᠨ ᠬᠡᠷᠡᠭᠯᠡᠬᠦ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
  3 ᠳ᠋ᠤᠭᠠᠷ ᠰᠠᠷ᠎ᠠ ᠶᠢᠨ 31 ᠤ ᠡᠳᠦᠷ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠪᠠᠭᠲᠠᠨ᠎ᠠ︶ ᠤᠨ ᠦᠬᠠᠶ ᠶᠢᠨ ᠬᠡᠰᠡᠭ ᠤᠨ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥᠯ ᠵᠦᠢᠯ ᠤᠨ ︽ᠳᠥᠷᠪᠡᠨ ᠴᠠᠬᠢᠯᠭᠠᠨ︾ ᠢᠨᠵᠧᠨᠧᠷᠢᠩ ᠵᠢᠴᠢ ᠵᠠᠮ ᠢ ᠵᠠᠰᠠᠵᠤ ᠰᠤᠪᠠᠭ ᠢ ᠥᠭᠡᠷᠡᠴᠢᠯᠡᠬᠦ ᠭᠠᠷ ᠭᠦᠢᠴᠡᠳᠬᠡᠯ ᠢ ᠭᠦᠢᠴᠡᠳᠬᠡᠬᠦ ᠬᠦᠴᠢᠷ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠵᠤ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠪᠠ᠃  ᠬᠤᠷᠠᠯ ᠠᠴᠠ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠦᠬᠠᠢ ᠶᠢᠨ ᠬᠡᠰᠡᠭ ᠤᠨ ᠲᠦᠷᠦᠯ ᠵᠦᠢᠯ ᠤᠨ ᠭᠠᠵᠠᠷ ᠰᠢᠷᠣᠢ ᠶᠢ ᠲᠠᠲᠠᠪᠤᠷᠢᠯᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠵᠦ ᠬᠤᠪᠢᠶᠠᠷᠢᠯᠠᠬᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠨᠤᠲᠠᠯᠠᠯᠲᠠ᠂ ᠤᠢ ᠰᠢᠭᠤᠢ ᠪᠠ ᠨᠤᠲᠤᠭ ᠪᠡᠯᠴᠢᠭᠡᠷ ᠤᠨ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠵᠢᠴᠢ ᠭᠠᠵᠠᠷ ᠰᠢᠷᠣᠢ ᠶᠢᠨ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠵᠡᠷᠭᠡ ᠭᠤᠭᠴᠤᠭ᠎ᠠ ᠳᠤ ᠣᠷᠣᠰᠢᠵᠤ ᠪᠠᠶᠢᠭ᠎ᠠ 12 ᠵᠦᠢᠯ ᠤᠨ ᠪᠣᠳᠠᠲᠠᠢ ᠠᠰᠠᠭᠤᠳᠠᠯ ᠢ ᠡᠮᠬᠢᠯᠡᠪᠡ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠠᠯᠪᠠᠨ ᠲᠠᠰᠤᠭ ᠤᠨ ᠬᠠᠷᠢᠭᠤᠴᠠᠯᠭᠠᠲᠠᠨ ᠠᠰᠠᠭᠤᠳᠠᠯ ᠤᠨ ᠨᠠᠷᠢᠨ ᠲᠠᠩᠰᠠ ᠳᠤ ᠴᠢᠭᠯᠡᠭᠦᠯᠦᠨ ᠵᠦᠢᠯ ᠳᠠᠷᠠᠭᠠᠯᠠᠨ ᠵᠠᠳᠠᠯᠤᠨ ᠰᠤᠳᠤᠯᠵᠤ ᠮᠠᠭᠠᠳᠯᠠᠵᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠲᠥᠰᠦᠯ ᠪᠠ ᠠᠬᠢᠭᠤᠯᠬᠤ ᠠᠷᠭ᠎ᠠ ᠵᠠᠮ ᠢ ᠳᠤᠷᠠᠳᠴᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠭᠦᠢᠴᠡᠳᠭᠡᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃  ᠬᠤᠷᠠᠯ ᠠᠴᠠ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠰᠠᠯᠠᠭ᠎ᠠ ᠮᠥᠴᠢᠷ ᠯᠦᠭᠡ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠵᠤ ᠬᠠᠮᠲᠤᠷᠠᠨ ᠡᠷᠭᠢᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠭᠦᠢᠴᠡᠳᠬᠡᠯ ᠲᠤᠭ᠎ᠠ ᠶᠢ ᠨᠢᠭᠡᠳᠦᠯᠲᠡᠶ ᠲᠥᠯᠥᠪᠯᠡᠬᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠶᠢᠯᠠᠭᠤᠯᠵᠤ ᠥᠯᠥ ᠨᠤᠲᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠵᠤ᠂ ᠭᠠᠵᠠᠷ ᠰᠢᠷᠣᠶ ᠣᠶ ᠰᠢᠭᠤᠶ ᠪᠠ ᠨᠤᠲᠤᠭ ᠪᠡᠯᠴᠢᠭᠡᠷ ᠢ ᠲᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠡᠷᠲᠡᠬᠡᠨ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠳᠡᠭᠡᠳᠦ ᠬᠤᠷᠳᠤᠨ ᠤ ᠲᠡᠮᠦᠷ ᠵᠠᠮ ᠤᠨ ᠲᠤᠰᠬᠠᠶ ᠠᠩᠭᠢ ᠨᠢ ᠭᠠᠵᠠᠷ ᠰᠢᠷᠣᠶ ᠶᠢ ᠨᠤᠷᠠᠭᠠᠵᠤ ᠨᠡᠭᠦᠯᠭᠡᠬᠦ ᠨᠥᠬᠦᠪᠥᠷᠢ ᠶᠢᠨ ᠡᠮᠦᠨᠡᠬᠢ ᠬᠤᠭᠤᠴᠠᠭᠠᠨ ᠤ ᠠᠵᠢᠯ ᠢ ᠵᠡᠷᠭᠡᠪᠡᠷ ᠲᠦᠷᠭᠡᠳᠬᠡᠵᠦ᠂ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠬᠢᠭᠡᠳ ᠨᠥᠬᠦᠪᠥᠷᠢ ᠥᠭᠬᠦ ᠲᠠᠰ ᠳᠠᠷᠠᠭᠠᠯᠠᠯ ᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
ᠢᠷᠡᠯᠲᠡ᠄ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ