ᠣᠶᠢᠷ᠎ᠠ ᠳᠤ᠂ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ | ᠵᠥᠪᠯᠡᠯ ᠤᠨ ᠠᠯᠪᠠᠨ ᠬᠡᠷ ᠠᠴᠠ ᠪᠢᠴᠢᠭ ᠮᠠᠲ᠋ᠧᠷᠢᠶᠠᠯ ᠪᠠᠭᠤᠯᠭᠠᠵᠤ᠂ 2024 ᠣᠨ ᠤ ︽ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ | ᠬᠡᠮᠵᠢᠬᠦ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ︾ ᠤ ᠠᠵᠢᠯᠯᠠᠭ᠎ᠠ ᠶᠢᠨ ᠳᠤᠮᠳᠠ ᠲᠣᠪᠤᠶᠢᠮ᠎ᠠ ᠢᠯᠡᠷᠡᠯ ᠲᠠᠢ 28 ᠲᠡᠷᠢᠭᠦᠨ ᠤ ᠬᠠᠮᠲᠤ ᠪᠠ 27 | ᠲᠡᠷᠢᠭᠦᠨ ᠤ ᠬᠤᠪᠢ ᠬᠥᠮᠦᠨ ᠢ ᠵᠠᠷᠯᠠᠨ ᠰᠠᠶᠢᠰᠢᠶᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ | ᠵᠠᠩᠭᠢ ᠶᠢᠨ ᠲᠦᠪ ᠤᠨ ᠸᠧᠶ ᠴᠢᠶᠠᠩ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠤᠨ ᠴᠣᠯᠠ ᠬᠦᠷᠲᠡᠪᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠤᠷᠤᠯᠳᠤᠭᠠᠨ ᠤ ᠵᠥᠪᠯᠡᠯ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠪᠠᠶᠢᠭᠠᠯᠢ ᠶᠢᠨ | ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ ᠶᠢᠨ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠢ ᠥᠷᠨᠢᠭᠦᠯᠵᠦ᠂ ᠥᠷᠭᠡᠨ ᠣᠯᠠᠨ ᠠᠵᠢᠯᠲᠠᠨ | ᠠᠵᠢᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ | ᠬᠦᠴᠦᠲᠡᠶ ᠠᠬᠢᠭᠤᠯᠵᠤ᠂ ᠪᠠᠶᠢᠴᠠᠭᠠᠵᠤ ᠬᠢᠨᠠᠨ ᠬᠡᠮᠵᠢᠬᠦ ᠠᠵᠢᠯᠲᠠᠨ ᠠᠵᠢᠯᠴᠢᠨ ᠤ ᠡᠩᠨᠡᠭᠡ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠴᠢᠩᠭᠠᠳᠬᠠᠪᠠ᠃ | ᠲᠤᠰ ᠤᠳᠠᠭᠠᠨ ᠤ ᠤᠷᠤᠯᠳᠤᠭᠠᠨ ᠳᠤ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠨ᠂ | ᠢᠳᠡᠪᠬᠢᠲᠡᠢ ᠤᠷᠤᠭᠰᠢᠯᠠᠵᠤ᠂ ᠴᠣᠴᠠᠯᠲᠠ ᠦᠭᠡᠢ ᠴᠢᠷᠮᠠᠶᠢᠵᠤ᠂ ᠲᠡᠷᠢᠭᠦᠨ ᠤ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠳᠠᠬᠢᠨᠲᠠ ᠰᠢᠯᠢᠳᠡᠭ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠥᠷᠭᠡᠨ ᠣᠯᠠᠨ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠵᠤ ᠬᠢᠨᠠᠨ ᠬᠡᠮᠵᠢᠬᠦ ᠺᠠᠳ᠋ᠷ ᠠᠵᠢᠯᠲᠠᠨ ᠠᠵᠢᠯᠴᠢᠨ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠠ ᠬᠤᠪᠢ ᠬᠥᠮᠦᠨ ᠢᠶᠠᠷ ᠳᠠᠭᠤᠷᠢᠶᠠᠯ | ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠨ᠂ ᠵᠣᠷᠢᠭᠲᠠᠶ ᠪᠠᠷ ᠰᠢᠨ᠎ᠡ ᠶᠢ ᠡᠭᠦᠳᠴᠦ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ | ᠨᠡᠮᠡᠷᠢ ᠦᠵᠡᠭᠦᠯᠬᠦ ᠬᠡᠷᠡᠭᠲᠡᠶ᠃ | |