ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠄ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠨᠢ ︽ᠤᠷᠢᠶ᠎ᠠ︾ ᠠᠴᠠ ︽ᠠᠵᠢᠯᠯᠠᠭ᠎ᠠ︾ ᠲᠡᠶᠢᠰᠢ ᠤᠷᠤᠭᠰᠢᠯᠠᠭᠰᠠᠨ ᠥᠪᠥᠷ ᠮᠣᠩᠭᠤᠯ ᠤᠨ ᠦᠢᠯᠡᠳᠦᠯᠭᠡ
ᠨᠡᠶᠢᠲᠡᠯᠡᠭᠰᠡᠨ ᠴᠠᠭ᠄
2025/4/15
  ᠣᠶᠢᠷ᠎ᠠ ᠳᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢᠶᠠᠷ ᠬᠤᠪᠣᠷ ᠴᠤᠬᠠᠭ ᠠᠮᠢᠳᠤ ᠪᠣᠳᠠᠰ ᠤᠨ ᠳᠦᠷᠰᠦ ᠶᠢ ᠰᠠᠬᠢᠨ ᠬᠠᠮᠠᠭᠠᠯᠠᠵᠤ᠂ ︽ᠬᠤᠪᠣᠷ ᠴᠤᠬᠠᠭ ᠠᠮᠢᠲᠠᠨ · ᠲᠦᠮᠡᠨ ᠪᠣᠳᠠᠰ ᠴᠡᠴᠡᠭᠯᠡᠨ ᠬᠥᠭᠵᠢᠬᠦ︾ ᠭᠤᠣᠯ ᠰᠡᠳᠦᠪᠲᠦ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠲᠡᠭᠡᠷ ᠠᠵᠢᠯᠯᠠᠭ᠎ᠠ ᠨᠢ ᠶᠡᠭᠡ ᠬᠡᠮᠵᠢᠶᠡᠨ ᠤ ᠣᠯᠠᠨ ᠨᠡᠶᠢᠲᠡ ᠶᠢᠨ ᠣᠷᠣᠯᠴᠠᠬᠤ ᠶᠢ ᠲᠠᠲᠠᠭᠰᠠᠨ ᠢᠶᠠᠷ ᠪᠠᠷᠠᠬᠤ ᠥᠬᠡᠶ᠂ ᠨᠠᠩ ᠠᠮᠢᠳᠤᠯᠢᠭ ᠰᠣᠨᠢᠷᠬᠠᠯᠲᠠᠶ ᠬᠡᠯᠪᠡᠷᠢ ᠪᠠᠷ ᠬᠤᠪᠣᠷ ᠴᠤᠬᠠᠭ ᠠᠮᠢᠲᠠᠨ ᠢ ᠬᠠᠮᠠᠭᠠᠯᠠᠬᠤ ᠴᠢᠬᠤᠯᠠ ᠣᠶᠢᠯᠠᠭᠠᠭᠳᠠᠬᠤᠨ ᠢ ᠳᠠᠮᠵᠢᠭᠤᠯᠵᠤ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠬᠦᠷᠢᠶᠡᠨ ᠳᠠᠬᠢ ᠢᠳᠡᠪᠬᠢᠲᠡᠶ ᠰᠦᠪᠡᠭᠴᠢᠯᠡᠯᠲᠡ ᠪᠠ ᠢᠯᠡᠳᠲᠡ ᠦᠷ᠎ᠡ ᠪᠦᠲᠦᠮᠵᠢ ᠶᠢ ᠢᠯᠡᠷᠡᠭᠦᠯᠪᠡ᠃  ᠣᠯᠠᠨ ᠶᠠᠩᠵᠤ ᠶᠢᠨ ᠠᠵᠢᠯᠯᠠᠭ᠎ᠠ ᠨᠢ ᠬᠤᠪᠣᠷ ᠴᠤᠬᠠᠭ ᠠᠮᠢᠲᠠᠨ ᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ  ︽ᠰᠢᠤᠸᠠᠢ ᠪᠤᠤ ᠶᠢᠨ ᠪᠠᠷᠲᠠᠭ᠎ᠠ ᠲᠤᠭᠤᠯᠤᠭᠰᠠᠨ ᠨᠢ︾ ᠥᠪᠡᠷᠮᠢᠴᠡ ᠣᠨᠴᠠᠯᠢᠭ ᠲᠠᠢ ᠴᠠᠭᠠᠨ ᠢᠷᠪᠢᠰ ᠤᠨ ᠦᠵᠡᠭᠦᠯᠭᠡ ᠶᠢᠨ ᠠᠬᠤᠢ ᠲᠠᠯᠠᠪᠠᠶ ᠳᠤ᠂ ᠬᠠᠷᠢᠯᠴᠠᠨ ᠲᠠᠶᠢᠯᠪᠤᠷᠢᠯᠠᠯᠲᠠ ᠬᠢᠬᠦ ᠪᠠ ᠵᠢᠪᠦᠭᠦᠯᠬᠦ ᠬᠡᠯᠪᠡᠷᠢ ᠪᠠᠷ ᠣᠯᠠᠨ ᠨᠡᠶᠢᠲᠡ ᠪᠠᠷ ᠢᠶᠠᠨ ᠴᠠᠭᠠᠨ ᠢᠷᠪᠢᠰ ᠭᠡᠬᠦ ᠡᠨᠡ ᠬᠦ ᠮᠥᠬᠦᠬᠦ ᠰᠢᠬᠠᠭᠰᠠᠨ ᠠᠮᠢᠳᠤ ᠪᠣᠳᠠᠰ ᠤᠨ ᠳᠦᠷᠰᠦ ᠶᠢ ᠭᠦᠨᠵᠡᠭᠡᠶ ᠣᠶᠢᠯᠠᠭᠠᠪᠠ᠃ ᠦᠵᠡᠭᠦᠯᠭᠡ ᠨᠢ ᠬᠠᠭᠠᠰ ᠡᠳᠦᠷ ᠪᠣᠯᠵᠤ ᠵᠠᠭᠤ ᠭᠠᠷᠤᠢ ᠬᠤᠲᠠ ᠶᠢᠨ ᠠᠷᠠᠳ ᠪᠣᠯᠤᠨ ᠰᠤᠷᠤᠭᠴᠢᠳ ᠲᠣᠭᠤᠷᠢᠨ ᠦᠵᠡᠵᠡᠢ᠃ ᠨᠢᠭᠡᠨ ᠬᠡᠷ ᠤᠨ ᠠᠬᠠᠮᠠᠳ᠄ ︽ᠡᠶᠢᠮᠦᠷᠬᠦᠤ ᠦᠵᠡᠭᠦᠯᠭᠡ ᠪᠠᠷ ᠳᠡᠮᠵᠢᠨ᠂ ᠬᠡᠤᠬᠡᠳ ᠮᠡᠳᠡᠯᠭᠡ ᠰᠤᠷᠤᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠠᠮᠢᠲᠠᠨ ᠢ ᠬᠠᠮᠠᠭᠠᠯᠠᠬᠤ ᠤᠬᠠᠮᠰᠠᠷ ᠢ ᠬᠥᠮᠦᠵᠢᠭᠦᠯᠳᠡᠭ︾ ᠭᠡᠵᠦ ᠪᠠᠶᠢᠯ᠎ᠠ᠃  ᠠᠪᠤᠷᠠᠨ ᠲᠤᠰᠠᠯᠠᠭᠳᠠᠭᠰᠠᠨ ᠰᠢᠷᠬᠠᠲᠤᠭᠰᠠᠨ ᠤᠭᠤᠯᠢ ᠶᠢᠨ ᠠᠵᠢᠯᠯᠠᠭ᠎ᠠ ᠳᠤ ᠣᠷᠣᠯᠴᠠᠭᠰᠠᠳ ᠲᠤ ᠠᠮᠢᠲᠠᠨ ᠤ ᠬᠠᠮᠠᠭᠠᠯᠠᠯᠲᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠬᠦ ᠪᠤᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠠᠵᠢᠯᠲᠠᠳ ᠠᠪᠤᠷᠠᠨ ᠲᠤᠰᠠᠯᠠᠬᠤ ᠥᠩᠭᠡᠷᠡᠯᠲᠡ ᠪᠠᠨ ᠬᠤᠪᠢᠶᠠᠯᠴᠠᠵᠤ᠂ ᠬᠡᠦᠬᠡᠳ ᠤᠳ ᠣᠭᠤᠯᠢ ᠶᠢᠨ ᠠᠮᠢ ᠠᠬᠤᠢ ᠶᠢᠨ ᠦᠨ᠎ᠡ ᠥᠷᠲᠡᠭ ᠢ ᠣᠶᠢᠯᠠᠭᠠᠭᠰᠠᠨ ᠢᠶᠠᠷ ᠪᠠᠷᠠᠬᠤ ᠦᠭᠡᠢ᠂ ᠪᠠᠰᠠ ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠪᠠᠷ ᠳᠠᠮᠵᠢᠭᠤᠯᠤᠨ ᠲᠡᠭᠦᠨ ᠳᠤ ᠨᠡᠷ᠎ᠡ ᠦᠭᠴᠦ᠂ ᠠᠮᠢᠲᠠᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠪᠠ᠃ ᠬᠠᠮᠤᠭ ᠡᠴᠦᠰ ᠲᠤ᠂ ᠡᠨᠡ ᠬᠦ ᠰᠢᠷᠬᠠᠲᠤᠭᠰᠠᠨ ᠣᠭᠤᠯᠢ ᠶᠢ ︽ᠱᠧᠩ ᠱᠧᠩ︾ ᠭᠡᠵᠦ ᠨᠡᠷᠡᠯᠡᠭᠰᠡᠨ ᠨᠢ ᠦᠶ᠎ᠡ ᠶᠢᠨ ᠦᠶ᠎ᠡ ᠳᠡᠭᠡᠨ ᠣᠷᠣᠰᠢᠨ ᠲᠣᠭᠲᠠᠨᠢᠬᠤ ᠶᠢ ᠪᠡᠯᠭᠡᠳᠡᠭᠰᠡᠨ ᠶᠤᠮ᠃  ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠨᠡᠶᠢᠭᠡᠮᠯᠢᠭ ᠤᠨ ᠭᠦᠢᠴᠡᠳᠬᠡᠭᠴᠢ ᠳᠠᠷᠤᠭ᠎ᠠ ᠭᠤᠤ ᠨᠠᠨ ᠠᠴᠠ ᠲᠠᠨᠢᠯᠴᠠᠭᠤᠯᠬᠤ ᠳᠠᠭᠠᠨ᠄ ︽ᠡᠨᠡ ᠬᠦ ᠤᠭᠤᠯᠢ ᠶᠢ ᠤᠯᠵᠦ ᠮᠡᠳᠡᠬᠦ ᠳᠤ᠂ ᠲᠡᠭᠦᠨ ᠤ ᠨᠢᠭᠡ ᠵᠢᠭᠦᠷ ᠨᠢ ᠨᠢᠭᠡᠨᠲᠡ ᠬᠤᠭᠤᠷᠠᠵᠤ᠂ ᠠᠪᠤᠷᠠᠨ ᠲᠤᠰᠠᠯᠠᠭᠰᠠᠨ ᠤ ᠳᠠᠷᠠᠭ᠎ᠠ ᠪᠢᠳᠡ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠲᠠᠢ ᠬᠠᠮᠲᠤᠷᠠᠨ ᠲᠣᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠠᠩ ᠣᠯᠠᠨ ᠬᠥᠮᠦᠨ ᠬᠤᠪᠣᠷ ᠴᠤᠬᠠᠭ ᠠᠮᠢᠲᠠᠨ ᠤ ᠬᠠᠮᠠᠭᠠᠯᠠᠯᠲᠠ ᠶᠢ ᠠᠩᠬᠠᠷᠬᠤ ᠶᠢ ᠰᠠᠨᠠᠭᠠᠴᠢᠯᠠᠵᠠᠢ︾ ᠭᠡᠪᠡ᠃  ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠦᠮᠦᠵᠢᠯ ᠢᠯᠡᠳᠲᠡ ᠦᠷ᠎ᠡ ᠪᠦᠲᠦᠮᠵᠢ ᠣᠯᠪᠠ  ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠡᠨᠡ ᠬᠦ ᠲᠠᠪᠴᠠᠩ ᠢᠶᠠᠷ ᠳᠠᠮᠵᠢᠭᠤᠯᠤᠨ᠂ ᠪᠠᠶᠢᠭᠠᠯᠢ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠪᠠ᠃ 2018 ᠣᠨ ᠳᠤ ᠡᠭᠦᠳᠡ ᠪᠠᠨ ᠨᠡᠭᠡᠭᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢᠭᠡᠨᠲᠡ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠬᠠᠨᠳᠤᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠨᠢ ᠨᠡᠶᠢᠲᠡ 16 ᠲᠦᠮᠡᠨ ᠬᠥᠮᠦᠨ ᠤᠳᠠᠭ᠎ᠠ ᠶᠢ ᠳᠠᠪᠠᠵᠤ᠂ ᠲᠤᠰᠬᠠᠶ ᠰᠡᠳᠦᠪᠲᠦ ᠦᠵᠡᠭᠦᠯᠭᠡ᠂ ᠪᠠᠶᠢᠭᠠᠯᠢ ᠶᠢᠨ ᠬᠢᠴᠢᠶᠡᠯ ᠤᠨ ᠲᠠᠩᠬᠢᠮ᠂ ᠨᠡᠶᠢᠲᠡ ᠶᠢᠨ ᠠᠰᠠᠷᠠᠮᠵᠢ ᠶᠢᠨ ᠰᠤᠳᠤᠯᠭᠠᠨ᠂ ᠣᠷᠳᠣᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠵᠡᠷᠭᠡ ᠰᠢᠷᠢᠰ ᠰᠢᠨ᠎ᠡ ᠶᠢ ᠡᠭᠦᠳᠬᠦ ᠬᠡᠯᠪᠡᠷᠢ ᠪᠠᠷ ᠳᠠᠮᠵᠢᠭᠤᠯᠤᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠤᠷᠢᠶ᠎ᠠ ᠠᠴᠠ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠪᠠ᠃  ᠵᠢᠱᠢᠶᠡᠯᠡᠪᠡᠯ᠂ ︽ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ︾ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠪᠥᠷ ᠮᠣᠩᠭᠤᠯ ᠤᠨ ᠲᠥᠯᠥᠭᠡᠯᠡᠬᠦ ᠴᠢᠨᠠᠷᠲᠠᠶ ᠮᠤᠨᠢ ᠠᠭᠤᠯᠠ ᠨᠢᠷᠤᠭᠤ᠂ ᠬᠥᠯᠥᠨ ᠪᠤᠶᠢᠷ ᠤᠨ ᠲᠠᠯ᠎ᠠ ᠨᠤᠲᠤᠭ᠂ ᠤᠯᠠᠭᠠᠨᠰᠤᠬᠠᠢ᠂ ᠭᠤᠷᠪᠠᠨ ᠤᠮᠠᠷᠠᠲᠤ ᠶᠢᠨ ᠬᠠᠯᠬᠠᠪᠴᠢ ᠣᠶ᠂ ᠤᠮᠠᠷᠠᠲᠤ ᠶᠢᠨ ᠲᠠᠷᠢᠶᠠᠨ ᠭᠠᠵᠠᠷ᠂ ᠬᠥᠯᠥᠨ ᠨᠠᠭᠤᠷ ᠵᠡᠷᠭᠡ ᠦᠵᠡᠮᠵᠢ ᠶᠢ ᠰᠣᠩᠭᠤᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠲᠤ ᠵᠢᠪᠦᠮᠡᠯ ᠮᠠᠶ᠋ᠢᠭ ᠤᠨ ᠪᠠᠶᠢᠭᠠᠯᠢ ᠶᠢᠨ ᠰᠤᠷᠤᠯᠴᠠᠬᠤ ᠣᠷᠣᠨ ᠵᠠᠶ ᠶᠢ ᠪᠣᠶ ᠪᠣᠯᠭᠠᠵᠤ ᠥᠭᠭᠦᠨ᠎ᠡ᠃  ᠡᠭᠦᠨ ᠠᠴᠠ ᠭᠠᠳᠠᠨ᠎ᠠ᠂ ︽ᠥᠪᠥᠷ ᠮᠣᠩᠭᠤᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠢᠷᠢᠰ︾ ᠦᠵᠡᠰᠬᠦᠯᠡᠩ ᠂ ᠣᠯᠠᠨ ᠨᠡᠶᠢᠲᠡ ᠶᠢ ︽ᠤᠷᠳᠤᠨ ᠠᠴᠠ ᠰᠠᠯᠬᠤ ᠦᠭᠡᠢ︾ — ᠣᠯᠠᠨ ᠶᠠᠩᠵᠤ ᠶᠢᠨ ᠤᠷᠭᠤᠮᠠᠯ ᠤᠨ ᠲᠥᠷᠥᠯ ᠢ ᠣᠯᠠᠨ ᠶᠠᠩᠵᠤ ᠶᠢᠨ ᠪᠣᠯᠭᠠᠪᠠ︔ ︽ᠲᠡᠯᠡᠶ ᠶᠢᠨ ᠵᠠᠬ᠎ᠠ ᠪᠣᠯ ᠲᠠᠯ᠎ᠠ ᠨᠤᠲᠤᠭ︾᠂ ︽ᠠᠶᠠᠨ ᠵᠠᠮ — ᠲᠠᠯ᠎ᠠ ᠨᠤᠲᠤᠭ ᠠᠴᠠ ᠳᠠᠯᠠᠢ ᠬᠦᠷᠲᠡᠯ᠎ᠡ︾ ᠬᠤᠤᠰ ᠴᠢᠭᠯᠡᠯ ᠢᠶᠠᠷ ᠱᠠᠩᠬᠠᠢ ᠥᠪᠥᠷ ᠮᠣᠩᠭᠤᠯ ᠰᠤᠳᠤᠯᠤᠨ ᠰᠤᠷᠤᠯᠴᠠᠬᠤ᠂ ᠱᠠᠩᠬᠠᠶ ᠪᠣᠯᠤᠨ ᠥᠪᠥᠷ ᠮᠣᠩᠭᠤᠯ ᠤᠨ ᠪᠠᠭᠠᠴᠤᠳ ᠤᠨ ᠬᠤᠭᠤᠷᠣᠨᠳᠣᠬᠢ ᠰᠤᠳᠤᠯᠤᠨ ᠰᠤᠷᠤᠯᠴᠠᠬᠤ ᠵᠢᠭᠤᠯᠴᠢᠯᠠᠯ ᠢ ᠡᠬᠢᠯᠡᠭᠦᠯᠪᠡ᠃  2024 ᠣᠨ ᠳᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠪᠥᠬᠦ ᠵᠢᠯ ᠳᠤ ᠲᠣᠭᠤᠷᠢᠨ ᠦᠵᠡᠭᠰᠡᠨ ᠬᠥᠮᠦᠨ ᠤ ᠲᠤᠭ᠎ᠠ ᠨᠢ 97.69 ᠲᠦᠮᠡᠨ ᠬᠥᠮᠦᠨ ᠤᠳᠠᠭ᠎ᠠ ᠳᠤ ᠬᠦᠷᠴᠦ᠂ ᠡᠯ᠎ᠡ ᠲᠥᠷᠥᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ 3 ᠲᠦᠮᠡ ᠰᠢᠬᠠᠮ ᠬᠥᠮᠦᠨ ᠳᠤ ᠠᠰᠢᠭ ᠬᠦᠷᠲᠡᠭᠡᠪᠡ᠃  ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠳᠠᠬᠢᠨ ᠳᠡᠰ ᠳᠡᠪᠰᠢᠬᠦ ᠶᠢ ᠠᠬᠢᠭᠤᠯᠪᠠ  ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ 2025 ᠣᠨ ᠳᠤ ᠮᠦᠽᠧᠶ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠲᠠᠨ ᠤ ᠬᠠᠮᠢᠶᠠᠷᠤᠯᠲᠠ᠂ ᠠᠭᠤᠯᠭ᠎ᠠ ᠶᠢᠨ ᠬᠠᠩᠭᠠᠯᠭ᠎ᠠ᠂ ᠬᠦᠯᠢᠶᠡᠨ ᠠᠪᠤᠭᠴᠢᠳ ᠢ  ᠥᠷᠭᠡᠳᠬᠡᠬᠦ᠂ ᠰᠤᠳᠤᠯᠤᠨ ᠰᠤᠷᠤᠯᠴᠠᠵᠤ ᠲᠡᠰ ᠳᠡᠪᠰᠢᠭᠦᠯᠬᠦ ᠵᠡᠷᠭᠡ ᠲᠠᠯ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠢᠴᠢᠶᠡᠯ ᠢ ᠥᠷᠭᠡᠳᠬᠡᠨ᠎ᠡ᠃  ︽ᠥᠪᠥᠷ ᠮᠣᠩᠭᠤᠯ ᠤᠨ ᠪᠠᠷᠠᠭᠤᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠦᠷᠢᠶᠡᠯᠡᠩ︾ ᠤᠨ ᠦᠵᠡᠭᠦᠯᠭᠡ ᠶᠢᠨ ᠲᠣᠭᠤᠷᠢᠭ ᠢ ᠰᠢᠨᠡᠳᠬᠡᠵᠦ᠂ ︽  ᠨᠤᠴᠤᠭᠠᠨ᠎ᠠ︾᠂ ︽ᠬᠠᠭᠠᠰ ᠡᠳᠦᠷ ᠤᠨ ᠴᠡᠴᠡᠭ︾ ︽ᠮᠢᠨᠳᠠᠰᠤᠨ ᠦᠷᠭᠡᠰᠦ︾ ᠵᠡᠷᠭᠡ ᠥᠪᠥᠷ ᠮᠣᠩᠭᠤᠯ ᠤᠨ ᠲᠥᠯᠥᠭᠡᠯᠡᠬᠦ ᠴᠢᠨᠠᠷᠲᠠᠶ ᠨᠡᠷᠡᠲᠦ ᠳᠦᠷᠰᠦ ᠶᠢᠨ ᠣᠯᠠᠨ ᠨᠡᠶᠢᠲᠡ ᠶᠢᠨ ᠬᠠᠷᠠᠭᠠᠨ ᠳᠤ ᠤᠷᠤᠭᠤᠯᠬᠤ ᠪᠠᠷ ᠲᠥᠯᠥᠪᠯᠡᠵᠦ ᠪᠣᠶ︔ ᠰᠣᠳᠣᠨ ᠰᠤᠳᠤᠯᠭᠠᠨ ᠤ ᠵᠠᠮ ᠱᠤᠭᠤᠮ ᠢ ᠨᠡᠭᠡᠭᠡᠨ ᠬᠥᠭᠵᠢᠭᠦᠯᠵᠦ᠂ ︽ᠰᠤᠳᠤᠯᠤᠨ ᠰᠤᠷᠤᠯᠴᠠᠬᠤ ᠵᠢᠭᠤᠯᠴᠢᠯᠠᠬᠤ︾ ᠠᠴᠠ ︽ᠰᠤᠳᠤᠯᠤᠨ ᠰᠤᠷᠤᠯᠴᠠᠬᠤ ᠰᠢᠯᠢᠳᠡᠭ︾ ᠲᠡᠶᠢᠰᠢ ᠳᠡᠰ ᠳᠡᠪᠰᠢᠭᠦᠯᠬᠦ ᠶᠢ ᠠᠬᠢᠭᠤᠯᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠰᠢᠨᠵᠢᠯᠡᠬᠦ ᠤᠬᠠᠭᠠᠨᠴᠢ ᠦᠢᠯᠡᠳᠦᠯᠭᠡ ᠪᠠᠷ ᠳᠠᠮᠵᠢᠭᠤᠯᠤᠨ᠂ ᠰᠤᠷᠤᠭᠴᠢᠳ ᠤᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠎ᠡ︔ ︽ᠪᠢᠴᠢᠬᠠᠨ ᠲᠠᠶᠢᠯᠪᠤᠷᠢᠯᠠᠭᠴᠢ︾ ᠶᠢᠨ ︽ᠪᠣᠳᠠᠲᠤ ᠪᠠᠶᠢᠯᠳᠤᠭᠠᠨ ᠤ ᠰᠣᠷᠢᠯᠲᠠ︾᠂ ︽ᠣᠷᠣᠯᠴᠠᠬᠤ ᠶᠢ ᠴᠢᠬᠤᠯᠠᠴᠢᠯᠠᠬᠤ︾᠂ ︽ᠦᠢᠯᠡᠳᠦᠯᠭᠡ ᠶᠢ ᠴᠢᠩᠭᠠᠳᠬᠠᠬᠤ︾ ᠶᠢᠨ ᠬᠠᠮᠲᠤ᠂ ︽ᠪᠢᠴᠢᠬᠠᠨ ᠲᠠᠶᠢᠯᠪᠤᠷᠢᠯᠠᠭᠴᠢ︾ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠳᠠᠬᠢ ᠴᠢᠳᠠᠮᠵᠢ ᠶᠢ ᠪᠠᠳᠠᠷᠠᠭᠤᠯᠬᠤ ᠶᠢ ᠰᠦᠪᠡᠭᠴᠢᠯᠡᠵᠦ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠡᠩᠨᠡᠭᠡ ᠶᠢ ᠪᠠᠶᠠᠯᠢᠭᠵᠢᠭᠤᠯᠬᠤ ᠪᠠ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ ᠁  ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠯᠠᠪᠳᠠᠭᠤᠨ ᠪᠠᠲᠤᠲᠠᠶ ᠠᠵᠢᠯᠯᠠᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠣᠲᠣ ᠶᠠᠭ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠲᠠᠯᠠᠪᠤᠷ ᠤᠷᠳᠤᠨ ᠠᠴᠠ ᠠᠮᠢᠳᠤᠷᠠᠯ ᠲᠡᠶᠢᠰᠢ ᠬᠤᠪᠢᠷᠠᠭᠤᠯᠵᠤ᠂ ᠣᠶᠢᠯᠠᠭᠠᠭᠳᠠᠬᠤᠨ ᠢ ᠪᠥᠬᠦ ᠠᠷᠠᠳ ᠤᠨ ᠠᠵᠢᠯᠯᠠᠭ᠎ᠠ ᠪᠣᠯᠭᠠᠨ ᠬᠤᠪᠢᠷᠠᠭᠤᠯᠵᠤ ᠪᠠᠶᠢᠨ᠎ᠠ᠃ ᠬᠤᠪᠣᠷ ᠴᠤᠬᠠᠭ ᠠᠮᠢᠲᠠᠨ ᠢ ᠬᠠᠮᠠᠭᠠᠯᠠᠬᠤ ᠡᠳᠦᠷ ᠤᠨ ᠣᠨᠴᠠᠯᠢᠭᠲᠤ ᠠᠵᠢᠯᠯᠠᠭ᠎ᠠ ᠠᠴᠠ ᠪᠦᠬᠦ ᠵᠢᠯ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠢ ᠦᠷᠭᠦᠯᠵᠢᠯᠡᠨ ᠠᠬᠢᠭᠤᠯᠬᠤ ᠬᠦᠷᠲᠡᠯ᠎ᠡ᠂ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠶᠠᠭ ᠬᠥᠮᠦᠨ ᠪᠠ ᠪᠠᠶᠢᠭᠠᠯᠢ ᠶᠢ ᠬᠤᠯᠪᠣᠬᠤ ᠬᠥᠭᠦᠷᠭᠡ ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ ︵ᠿᠧᠨ ᠳ᠋ᠦᠩ ᠶᠤᠸᠡᠢ︶ 
ᠢᠷᠡᠯᠲᠡ᠄ ᠰᠢᠨᠬᠤᠸᠠ ᠰᠦᠯᠵᠢᠶ᠎ᠡ