ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ 2025 ᠣᠨ ᠤ ᠨᠢᠭᠡᠳᠦᠭᠡᠷ ᠤᠯᠠᠷᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠣᠳᠠᠲᠤ ᠪᠣᠯᠪᠠᠰᠤᠷᠠᠯ ᠤᠨ ᠰᠣᠷᠢᠯᠲᠠ ᠶᠢᠨ ᠶᠡᠭᠡ ᠮᠥᠷᠦ᠋ᠢᠴᠡᠭᠡᠨ ᠢ ᠡᠷᠭᠢᠯᠡᠪᠡ
ᠨᠡᠶᠢᠲᠡᠯᠡᠭᠰᠡᠨ ᠴᠠᠭ᠄
2025/4/18
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠵᠢᠷᠭᠤᠭᠠᠨ ᠠᠵᠢᠯᠯᠠᠭ᠎ᠠ︾ ᠶᠢᠨ ᠭᠠᠵᠠᠷ ᠬᠡᠷᠡᠭᠯᠡᠬᠦ ᠬᠦᠴᠦᠨ ᠵᠦᠢᠯ ᠤᠨ ᠪᠠᠲᠤᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ 2025 ᠣᠨ ᠤ ᠨᠢᠭᠡᠳᠦᠭᠡᠷ ᠤᠯᠠᠷᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠣᠳᠠᠲᠤ ᠪᠣᠯᠪᠠᠰᠤᠷᠠᠯ ᠤᠨ ᠶᠡᠭᠡ ᠮᠥᠷᠦ᠋ᠢᠴᠡᠭᠡᠨ ᠢ ᠡᠷᠭᠢᠯᠡᠪᠡ᠃  ᠲᠣᠰ ᠤᠳᠠᠭᠠᠨ ᠤ ᠶᠡᠭᠡ ᠮᠥᠷᠦ᠋ᠢᠴᠡᠭᠡᠨ ᠪᠣᠯ 2 ᠳ᠋ᠤᠭᠠᠷ ᠰᠠᠷ᠎ᠠ ᠶᠢᠨ 18 ᠤ ᠡᠳᠦᠷ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠶᠢᠮᠠᠭ ᠬᠤᠲᠠ ᠶᠢᠨ ᠶᠠᠷᠢᠯᠴᠠᠬᠤ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠢᠨᠠᠨ ᠵᠥᠪᠰᠢᠶᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠥᠷᠨᠢᠭᠦᠯᠦᠭᠰᠡᠨ ᠲᠤᠰᠬᠠᠶ ᠠᠵᠢᠯᠯᠠᠭ᠎ᠠ ᠪᠣᠯᠤᠨ᠎ᠠ᠃ ᠠᠵᠢᠯᠯᠠᠭ᠎ᠠ ᠨᠢ ᠵᠢᠱᠢᠮᠡᠭ ᠡᠪᠬᠡᠮᠡᠯ ᠪᠠᠶᠢᠭᠤᠯᠬᠤ ᠠᠷᠭ᠎ᠠ ᠬᠡᠯᠪᠡᠷᠢ ᠶᠢ ᠠᠪᠴᠤ᠂ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠲᠣᠭᠲᠠᠭᠰᠠᠨ ᠴᠠᠭ ᠤᠨ ᠳᠣᠲᠣᠷ᠎ᠠ ᠲᠤᠰᠠᠭᠠᠷ ᠭᠠᠵᠠᠷ ᠰᠣᠩᠭᠤᠬᠤ᠂ ᠬᠤᠲᠠ ᠪᠠᠯᠭᠠᠰᠤᠨ ᠤ ᠪᠦᠯᠦᠭ ᠤᠳᠠᠭ᠎ᠠ ᠪᠠ ︽ᠦᠯᠦ ᠲᠠᠲᠠᠪᠤᠷᠢᠯᠠᠬᠤ︾ ᠭᠤᠷᠪᠠᠨ ᠲᠥᠷᠥᠯ ᠤᠨ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠨᠥᠬᠦᠪᠥᠷᠢᠯᠡᠵᠦ ᠵᠠᠯᠠᠷᠠᠭᠤᠯᠬᠤ ᠶᠢ ᠱᠠᠭᠠᠷᠳᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠵᠠᠷ ᠠᠯᠪᠠᠨ ᠲᠠᠰᠤᠭ ᠠᠴᠠ ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢᠨ ᠬᠢᠨᠠᠨ ᠪᠠᠶᠢᠴᠠᠭᠠᠭᠰᠠᠨ ᠪᠠ ᠨᠥᠬᠦᠪᠥᠷᠢᠯᠡᠨ ᠵᠠᠯᠠᠷᠠᠭᠤᠯᠤᠭᠰᠠᠨ ᠪᠠᠶᠢᠳᠠᠯ ᠳᠤ ᠶᠡᠷᠦᠩᠬᠡᠶᠢᠯᠡᠨ ᠬᠤᠪᠢ ᠣᠯᠭᠤᠨ᠎ᠠ᠃ ᠡᠴᠦᠰ ᠤᠨ ᠰᠢᠯᠭᠠᠷᠠᠭᠤᠯᠤᠯᠲᠠ ᠪᠠᠷ ᠳᠡᠮᠵᠢᠨ᠂ ᠲᠣᠰ ᠤᠳᠠᠭᠠᠨ ᠤ ᠶᠡᠭᠡ ᠮᠦᠷᠦ᠋ᠢᠴᠡᠭᠡᠨ ᠤ ᠲᠦᠷᠦᠭᠦᠤ ᠭᠤᠷᠪᠠᠨ ᠨᠡᠷ᠎ᠡ ᠨᠢ ᠲᠣᠰ ᠲᠣᠰ ᠬᠥᠬᠡᠬᠤᠲᠠ᠂ ᠣᠷᠳᠣᠰ ᠬᠤᠲᠠ ᠪᠣᠯᠤᠨ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ᠎ᠠ᠃  ᠲᠣᠰ ᠤᠳᠠᠭᠠᠨ ᠤ ᠶᠡᠭᠡ ᠮᠥᠷᠦ᠋ᠢᠴᠡᠭᠡᠨ ᠨᠢ ᠪᠥᠬᠦ ᠣᠷᠣᠨ ᠤ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠭᠠᠵᠠᠷ ᠬᠡᠷᠡᠭᠯᠡᠬᠦ ᠲᠥᠷᠥᠯ ᠵᠦᠢᠯ ᠪᠠ ᠭᠠᠵᠠᠷ ᠬᠡᠷᠡᠭᠯᠡᠬᠦ ᠠᠵᠤ ᠠᠬᠤᠶᠢᠯᠠᠯ ᠳᠤ ᠦᠢᠯᠡᠴᠢᠯᠡᠬᠦ ᠪᠠᠷ ᠬᠠᠷᠠᠯᠲᠠ ᠪᠣᠯᠭᠠᠨ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ︽ᠪᠣᠯᠪᠠᠰᠤᠷᠠᠭᠤᠯᠬᠤ ᠪᠠᠷ ᠰᠤᠷᠤᠯᠴᠠᠯᠭ᠎ᠠ ᠶᠢ ᠠᠬᠢᠭᠤᠯᠵᠤ᠂ ᠠᠳᠠᠯᠢᠳᠬᠠᠬᠤ ᠪᠠᠷ ᠠᠵᠢᠯᠯᠠᠬᠤ ᠶᠢ ᠠᠬᠢᠭᠤᠯᠬᠤ︾ ᠶᠢ  ᠪᠡᠶᠡᠯᠡᠭᠦᠯᠵᠦ᠂ ᠭᠤᠤᠯᠳᠠᠯᠭ᠎ᠠ ᠲᠠᠢ ᠲᠣᠮᠣ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠳᠤ ᠨᠠᠩ ᠥᠨᠳᠥᠷ ᠪᠦᠲᠦᠮᠵᠢᠲᠡᠶ ᠴᠢᠨᠠᠷ ᠰᠠᠶᠢᠲᠠᠶ ᠭᠠᠵᠠᠷ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ