ᠣᠷᠳᠣᠰ ᠬᠤᠲᠠ ᠪᠠ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠬᠠᠮᠵᠢᠯᠴᠠᠨ ᠠᠬᠢᠭᠤᠯᠪᠠ
ᠨᠡᠶᠢᠲᠡᠯᠡᠭᠰᠡᠨ ᠴᠠᠭ᠄
2025/4/21
   ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠤᠬᠤᠷᠢᠨ ᠭᠠᠷᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠭᠤᠤᠯ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤᠮᠳᠠ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠬᠠᠮᠲᠤᠪᠠᠷ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 20 ᠤ ᠡᠳᠦᠷ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠣᠲᠤᠭ ᠬᠤᠰᠢᠭᠤᠨ ᠤ ᠴᠢ ᠫᠠᠨ ᠵᠢᠩ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠬᠢᠭᠤᠯᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠲᠤᠭ ᠬᠤᠰᠢᠭᠤ᠂ ᠬᠠᠶᠢᠷᠤᠪ ᠤᠨ ᠲᠣᠬᠤᠶ ᠲᠣᠭᠤᠷᠢᠭ᠂ ᠬᠠᠶᠢᠨᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠭᠤᠷᠬᠠᠶ ᠶᠢᠨ ᠠᠵᠤ ᠠᠬᠤᠶᠢᠯᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ᠂ ᠬᠠᠶᠢᠨᠠᠨ ᠲᠣᠭᠤᠷᠢᠭ᠂ ᠣᠲᠤᠭ ᠬᠤᠰᠢᠭᠤ ᠲᠣᠰ ᠲᠣᠰ ᠡᠮᠬᠢᠯᠡᠨ ᠨᠡᠶᠢᠯᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠵᠤ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠳᠤᠷᠠᠳᠬᠤ ᠶᠢᠨ ᠬᠠᠮᠲᠤ᠂ ᠦᠬᠠᠶ ᠶᠢᠨ ᠡᠷᠬᠢᠨ ᠲᠣᠭᠤᠷᠢᠨ ᠤ ᠭᠠᠵᠠᠷ ᠣᠷᠣᠨ ᠢ ᠲᠣᠭᠤᠷᠢᠭᠰᠠᠨ ᠬᠡᠰᠡᠭ ︽ᠭᠤᠷᠪᠠᠨ ᠡᠷᠬᠡ ᠶᠢ ᠬᠤᠪᠢᠷᠠᠭᠤᠯᠬᠤ ᠥᠬᠡᠶ︾ ᠠᠭᠤᠷᠬᠠᠶ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠬᠡᠰᠡᠭ ᠲᠤ ᠨᠢᠭᠡᠳᠦᠯᠲᠡᠶ ᠨᠡᠭᠡᠭᠡᠨ ᠬᠥᠭᠵᠢᠭᠦᠯᠬᠦ ᠭᠤᠤᠯ ᠴᠣᠭᠴᠠ ᠵᠢᠴᠢ ᠬᠡᠰᠡᠭ ᠠᠭᠤᠷᠬᠠᠶ ᠶᠢᠨ ᠠᠵᠤ ᠠᠬᠤᠶᠢᠯᠠᠯ ᠢ ᠪᠠᠶᠢᠴᠠᠭᠠᠨ ᠪᠢᠲᠡᠭᠦᠮᠵᠢᠯᠡᠵᠦ ᠪᠠᠷᠢᠴᠠᠭᠠᠯᠠᠬᠤ ᠵᠡᠷᠭᠡ ᠡᠮᠬᠢᠯᠡᠨ ᠨᠡᠶᠢᠯᠡᠭᠦᠯᠬᠦ ᠠᠵᠢᠯ ᠳᠤ ᠲᠤᠯᠭᠠᠷᠠᠵᠤ ᠪᠠᠶᠢᠭ᠎ᠠ ᠪᠣᠳᠠᠲᠠᠶ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠣᠷᠳᠣᠰ ᠬᠤᠲᠠ᠂ ᠦᠬᠠᠶ ᠬᠤᠶᠠᠷ ᠬᠤᠲᠠ ᠵᠢᠴᠢ ᠬᠤᠯᠪᠣᠭᠳᠠᠯ ᠪᠥᠬᠦᠶ ᠬᠤᠰᠢᠭᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠬᠠᠮᠲᠤᠪᠠᠷ ᠵᠦᠪᠳᠡᠪᠡ᠃  ᠬᠤᠷᠠᠯ ᠠᠴᠠ᠂ ᠬᠤᠶᠠᠷ ᠬᠤᠲᠠ ᠶᠢᠨ ᠡᠯ᠎ᠡ ᠬᠤᠯᠪᠣᠭᠳᠠᠯ ᠪᠦᠬᠦᠢ ᠬᠤᠰᠢᠭᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠤᠶᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠷ ᠤᠨ ᠦᠰᠦᠭ ᠵᠢᠷᠤᠭᠰᠠᠨ ︽ᠬᠠᠮᠵᠢᠯᠴᠠᠬᠤ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠣᠷᠣᠨ ᠪᠦᠰᠡ ᠠᠯᠤᠰᠯᠠᠨ ᠵᠥᠪᠳᠡᠯᠴᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠶ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠠᠮᠵᠢᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠬᠠᠮᠲᠤ ᠪᠠᠷ ᠠᠬᠢᠭᠤᠯᠤᠨ᠎ᠠ᠃ 
ᠢᠷᠡᠯᠲᠡ᠄ ᠤᠷᠳᠤᠰ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ