ᠬᠤᠯᠪᠣᠭᠳᠠᠯ ᠪᠦᠬᠦᠢ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ᠄ | ︽ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾᠂ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ | ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 11 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ | ᠡᠳᠦᠭᠡ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠬᠡᠮ ᠤᠨ ᠬᠤᠭᠤᠴᠠᠭ᠎ᠠ ᠨᠢ | ᠲᠤᠯᠵᠤ ᠦᠨᠡᠮᠯᠡᠯ ᠰᠣᠯᠢᠬᠤ ᠠᠵᠢᠯ ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠦᠷᠢᠶ᠎ᠡ ᠬᠡᠪᠴᠢᠶ᠎ᠡ | ᠲᠣᠰ ᠤᠳᠠᠭᠠᠨ ᠤ ᠬᠤᠭᠤᠴᠠᠭ᠎ᠠ ᠨᠢ ᠲᠤᠯᠵᠦ ᠦᠨᠡᠮᠯᠡᠯ ᠰᠣᠯᠢᠬᠤ ᠠᠵᠢᠯ ᠤᠨ ᠬᠡᠪᠴᠢᠶ᠎ᠡ ᠪᠣᠯ᠄ ᠳᠠᠩᠰᠠᠯᠠᠨ ᠲᠡᠮᠳᠡᠭᠯᠡᠭᠰᠡᠨ ᠭᠠᠵᠠᠷ ᠨᠢ ᠥᠪᠡᠷᠲᠡᠭᠡᠨ | ᠵᠠᠰᠠᠬᠤ ᠣᠷᠣᠨ ᠤ ᠬᠠᠷᠢᠶ᠎ᠠ ᠣᠷᠣᠨ ᠵᠢᠴᠢ ᠪᠠᠶᠢᠭ᠎ᠠ ᠬᠥᠬᠡᠭᠴᠢᠨ ᠲᠠᠰ ᠤᠨ ᠬᠢᠷᠢ ᠴᠢᠳᠠᠮᠵᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2025 | ᠣᠨ ᠤ ᠵᠢᠯ ᠤᠨ ᠰᠡᠭᠦᠯᠴᠢ ᠠᠴᠠ ᠡᠮᠦᠨ᠎ᠡ ︵ᠦᠨᠡᠮᠯᠡᠯ ᠳᠡᠭᠡᠷ᠎ᠡ ᠲᠣᠳᠣᠷᠬᠠᠶᠢᠯᠠᠭᠰᠠᠨ ᠬᠦᠴᠦᠨ ᠲᠠᠢ ᠬᠤᠭᠤᠴᠠᠭ᠎ᠠ ᠶᠢ 2023 ᠣᠨ ᠤ 12 ᠳ᠋ᠤᠭᠠᠷ | ᠰᠠᠷ᠎ᠠ ᠶᠢᠨ 30 ᠤ ᠡᠳᠦᠷ︶ ᠬᠦᠷᠲᠡᠯ᠎ᠡ ᠲᠥᠯᠥᠪᠵᠢᠭᠦᠯᠪᠡ ᠨᠠᠶᠢᠷᠠᠭᠤᠯᠤᠨ ᠵᠣᠬᠢᠶᠠᠭᠰᠠᠨ ᠨᠢᠭᠡᠴᠢ ᠪᠣᠯᠤᠨ᠎ᠠ᠃ | ᠬᠤᠶᠠᠷ᠂ ᠴᠠᠭ ᠬᠤᠭᠤᠴᠠᠭᠠᠨ ᠤ ᠲᠣᠬᠢᠷᠠᠭᠤᠯᠤᠯᠲᠠ | ᠲᠣᠰ ᠤᠳᠠᠭᠠᠨ ᠤ ᠦᠨᠡᠮᠯᠡᠯ ᠰᠣᠯᠢᠬᠤ ᠠᠵᠢᠯ ᠨᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ 2025 ᠣᠨ ᠤ 10 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠭᠤᠰᠤᠨ᠎ᠠ ︵ᠳᠠᠷᠤᠶ ᠭᠤᠶᠤᠴᠢᠯᠠᠭᠰᠠᠨ ᠨᠢᠭᠡᠴᠢ ᠶᠢᠨ ᠮᠡᠳᠡᠭᠦᠯᠦᠨ ᠬᠦᠷᠭᠡᠬᠦ ᠮᠠᠲ᠋ᠧᠷᠢᠶᠠᠯ ᠤᠨ ᠴᠠᠭ︶᠃ | ᠮᠠᠲ᠋ᠧᠷᠢᠶᠠᠯ ᠬᠠᠩᠭᠠᠬᠤ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠪᠤᠶᠤ ᠬᠤᠯᠪᠣᠭᠳᠠᠯ ᠪᠥᠬᠦᠶ ᠮᠠᠲ᠋ᠧᠷᠢᠶᠠᠯ ᠢ ᠨᠥᠬᠦᠪᠥᠷᠢᠯᠡᠨ ᠲᠡᠭᠦᠯᠳᠡᠷᠵᠢᠭᠦᠯᠬᠦ ᠴᠢᠬᠤᠯᠠᠲᠠᠶ | ᠪᠠᠶᠢᠪᠠᠯ᠂ 2025 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠨᠥᠬᠦᠪᠥᠷᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ ᠬᠤᠭᠤᠴᠠᠭ᠎ᠠ | ᠥᠩᠭᠡᠷᠡᠲᠡᠯ᠎ᠡ ᠮᠡᠳᠡᠭᠦᠯᠦᠨ ᠬᠦᠷᠭᠡᠭᠰᠡᠨ ᠦᠭᠡᠶ ᠪᠤᠶᠤ ᠳᠡᠭᠡᠷ᠎ᠡ ᠳᠤᠷᠠᠳᠤᠭᠰᠠᠨ ᠬᠤᠭᠤᠴᠠᠭ᠎ᠠ ᠠᠴᠠ ᠬᠡᠲᠦᠷᠡᠭᠡᠳ ᠮᠡᠳᠡᠭᠦᠯᠦᠨ ᠬᠦᠷᠭᠡᠭᠰᠡᠨ ᠪᠣᠯ ᠳᠠᠬᠢᠵᠤ | ᠬᠦᠯᠢᠶᠡᠨ ᠠᠪᠴᠤ ᠰᠢᠢᠳᠪᠦᠷᠢᠯᠡᠬᠦ ᠦᠭᠡᠶ᠃ | ᠭᠤᠷᠪᠠ᠂ ᠠᠵᠢᠯ ᠤᠨ ᠳᠡᠰ ᠳᠠᠷᠠᠭᠠᠯᠠᠯ | ︵ᠨᠢᠭᠡ︶ ᠭᠤᠶᠣᠴᠢᠯᠠᠬᠤ | 1. ᠰᠦᠯᠵᠢᠶᠡᠨ ᠳᠤ ᠪᠦᠷᠢᠳᠭᠡᠭᠦᠯᠭᠦ᠄ ᠰᠦᠯᠵᠢᠶᠡᠨ ᠥᠷᠲᠡᠭᠡ ᠳᠤ ᠳᠠᠩᠰᠠᠯᠠᠭᠤᠯᠬᠤ ᠪᠠᠷ ᠭᠤᠶᠤᠴᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ — ᠦᠨᠡᠮᠯᠡᠯ | ᠭᠦᠢᠴᠡᠳᠬᠡᠬᠦ — ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ — ᠬᠤᠲᠠ ᠬᠥᠳᠡᠭᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠢᠷᠢ ᠬᠡᠮ ᠤᠨ ᠦᠨᠡᠮᠯᠡᠯ — ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ | ᠲᠠᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ ︵ᠦᠷᠭᠦᠯᠵᠢᠯᠡᠭᠦᠯᠬᠦ︶ ᠳᠤ ᠨᠡᠪᠲᠡᠷᠡᠪᠡ᠃ | 2. ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠄ ᠭᠤᠶᠤᠴᠢᠯᠠᠬᠤ ᠨᠢᠭᠡᠴᠢ ᠨᠢ ︽ᠪᠠᠷᠢᠮᠵᠢᠶᠠᠲᠤ ᠬᠡᠪᠯᠡᠯ ᠤᠨ ᠵᠦᠭᠯᠡᠭᠦᠷ︾ ᠤᠨ ᠨᠢᠭᠤᠷ ᠤᠨ | ᠳᠣᠲᠣᠷᠠᠬᠢ ︽ᠭᠤᠶᠤᠴᠢᠯᠠᠬᠤ ᠮᠠᠲ᠋ᠧᠷᠢᠶᠠᠯ︾ ᠳᠤ ᠵᠢᠭᠰᠠᠭᠠᠭᠰᠠᠨ ᠮᠠᠲ᠋ᠧᠷᠢᠶᠠᠯ ᠤᠨ ᠨᠠᠷᠢᠨ ᠬᠠᠭᠤᠳᠠᠰᠤ ᠶᠢᠨ ᠶᠣᠰᠣᠭᠠᠷ ᠨᠢᠭᠡᠳ ᠨᠢᠭᠡ ᠪᠠᠷ ᠪᠡᠯᠡᠳᠬᠡᠪᠡ᠃ | ᠡᠭᠦᠨ ᠳᠤ᠂ ︽ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾᠂ ︽ | ᠮᠡᠳᠡᠭᠳᠡᠬᠦ ᠪᠢᠴᠢᠭ︾ ᠤᠨ ᠬᠤᠶᠠᠷ ᠵᠦᠢᠯ ᠤᠨ ᠮᠠᠲ᠋ᠧᠷᠢᠶᠠᠯ ᠢ ︽ᠮᠠᠲ᠋ᠧᠷᠢᠶᠠᠯ ᠤᠨ ᠬᠡᠪ ᠵᠠᠭᠪᠤᠷ ᠢ ᠪᠠᠭᠤᠯᠭᠠᠬᠤ︾᠂ ᠬᠤᠭᠤᠰᠣᠨ ᠬᠦᠰᠦᠨᠦᠭᠲᠦ ᠶᠢ | ᠪᠠᠭᠤᠯᠭᠠᠭᠰᠠᠨ ᠤ ᠳᠠᠷᠠᠭ᠎ᠠ᠂ ᠲᠠᠭᠯᠠᠨ ᠮᠡᠳᠡᠭᠦᠯᠬᠦ ᠶᠢᠨ ᠬᠠᠮᠲᠤ ᠭᠤᠶᠤᠴᠢᠯᠠᠭᠰᠠᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ PDF ᠬᠡᠯᠪᠡᠷᠢ ᠶᠣᠰᠣᠭᠠᠷ | ᠳᠠᠬᠢᠨ ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠪᠤᠰᠤᠳ ᠮᠠᠲ᠋ᠧᠷᠢᠶᠠᠯ ᠢ ᠭᠤᠶᠤᠴᠢᠯᠠᠭᠰᠠᠨ ᠨᠢᠭᠡᠴᠢ ᠠᠴᠠ ᠥᠪᠡᠰᠦᠪᠡᠨ ᠪᠡᠯᠡᠳᠬᠡᠭᠰᠡᠨ ᠤ ᠳᠠᠷᠠᠭ᠎ᠠ | ᠰᠢᠰᠲ᠋ᠧᠮ ᠳᠤ ᠳᠠᠮᠵᠢᠭᠤᠯᠤᠨ᠎ᠠ᠃ | 3. ᠲᠠᠭᠯᠠᠨ ᠮᠡᠳᠡᠭᠦᠯᠬᠦ ᠱᠠᠭᠠᠷᠳᠠᠯᠭ᠎ᠠ᠄ ︽ᠭᠤᠶᠤᠴᠢᠯᠠᠯ ᠤᠨ ᠮᠠᠲ᠋ᠧᠷᠢᠶᠠᠯ︾ ᠳᠠᠬᠢ ︽ᠲᠠᠭᠯᠠᠨ ᠮᠡᠳᠡᠭᠦᠯᠬᠦ ᠴᠢᠬᠤᠯᠠᠲᠠᠶ ᠵᠦᠢᠯ︾ ᠪᠠ ︽ᠭᠥᠯᠢᠶᠡᠨ | ᠠᠪᠴᠤ ᠰᠢᠢᠳᠪᠦᠷᠢᠯᠡᠬᠦ ᠪᠠᠷᠢᠮᠵᠢᠶ᠎ᠠ︾ ᠶᠢᠨ ᠠᠭᠤᠯᠭ᠎ᠠ ᠵᠢᠴᠢ ︽ᠪᠠᠶᠢᠩᠭᠤ ᠲᠣᠬᠢᠶᠠᠯᠳᠤᠬᠤ ᠠᠰᠠᠭᠤᠳᠠᠯ︾ ᠤᠨ ᠳᠣᠲᠣᠷᠠᠬᠢ ᠬᠠᠷᠢᠭᠤᠯᠲᠠ ᠥᠭᠬᠦ | ᠠᠭᠤᠯᠭ᠎ᠠ ᠶᠢ ᠬᠢᠨᠠᠮᠠᠭᠠᠶ ᠤᠩᠰᠢᠵᠤ᠂ ᠲᠣᠭᠲᠠᠭᠠᠭᠰᠠᠨ ᠠᠭᠤᠯᠭ᠎ᠠ ᠪᠠ ᠬᠡᠯᠪᠡᠷᠢ ᠶᠣᠰᠣᠭᠠᠷ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ | 4 . ᠴᠠᠭᠠᠰᠤᠨ ᠳᠡᠭᠡᠷ᠎ᠡ ᠮᠡᠳᠡᠭᠦᠯᠦᠨ ᠬᠦᠷᠭᠡᠬᠦ᠄ ᠭᠤᠶᠤᠴᠢᠯᠠᠬᠤ ᠨᠢᠭᠡᠴᠢ ᠰᠦᠯᠵᠢᠶᠡᠨ ᠳᠡᠭᠡᠷ᠎ᠡ ᠠᠮᠵᠢᠯᠲᠠ ᠣᠯᠤᠭᠰᠠᠨ ᠤ ᠳᠠᠷᠠᠭ᠎ᠠ᠂ ᠴᠠᠭᠠᠰᠤᠨ | ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠤᠤᠯ ᠮᠠᠲ᠋ᠧᠷᠢᠶᠠᠯ ᠢ ᠵᠡᠷᠭᠡ ᠪᠠᠷ ᠬᠢᠨᠠᠨ ᠪᠠᠶᠢᠴᠠᠭᠠᠬᠤ ᠳᠤ ᠮᠡᠳᠡᠭᠦᠯᠦᠨ ᠬᠦᠷᠭᠡᠵᠦ᠂ ᠬᠥᠬᠡᠬᠤᠲᠠ ᠠᠴᠠ | ᠭᠠᠳᠠᠨᠠᠬᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠰᠢᠤᠳᠠᠨ ᠢᠶᠠᠷ ᠢᠯᠡᠭᠡᠵᠦ ᠪᠣᠯᠤᠨ᠎ᠠ᠃ ᠮᠡᠳᠡᠭᠦᠯᠦᠨ ᠬᠦᠷᠭᠡᠭᠰᠡᠨ ᠬᠠᠶ᠋ᠢᠭ ᠵᠢᠴᠢ | ᠬᠠᠷᠢᠯᠴᠠᠬᠤ ᠬᠥᠮᠥᠨ ᠤ ᠨᠠᠷᠢᠨ ᠵᠦᠢᠯᠡᠰ ᠢ ᠲᠣᠰ ᠮᠡᠳᠡᠭᠳᠡᠯ ᠤᠨ ᠨᠠᠷᠢᠨ ᠭᠠᠵᠠᠷ ᠲᠤ ᠦᠵᠡᠭᠡᠷᠡᠢ᠃ | ︵ᠬᠤᠶᠠᠷ︶ ᠬᠢᠨᠠᠨ ᠪᠠᠶᠢᠴᠠᠭᠠᠬᠤ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢᠨ ᠰᠢᠨᠵᠢᠯᠡᠭᠡᠨ ᠤ ᠨᠡᠶᠢᠭᠡᠮᠯᠢᠭ ᠵᠢᠴᠢ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ | ᠭᠤᠶᠤᠴᠢᠯᠠᠯ ᠤᠨ ᠮᠠᠲ᠋ᠧᠷᠢᠶᠠᠯ ᠨᠢ ᠬᠥᠬᠡᠭᠴᠢᠨ ᠲᠠᠰ ᠤᠨ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠨ᠎ᠠ᠃ | ︵ᠭᠤᠷᠪᠠ︶ ᠢᠯᠡ ᠨᠡᠶᠢᠲᠡᠯᠡᠬᠦ | ᠬᠢᠨᠠᠨ ᠪᠠᠶᠢᠴᠠᠭᠠᠭᠠᠳ ᠬᠥᠬᠡᠭᠴᠢᠨ ᠲᠠᠰ ᠤᠨ ᠬᠢᠷᠢ ᠭᠡᠮ ᠤᠨ ᠨᠥᠬᠦᠴᠡᠯ ᠳᠤ ᠨᠡᠶᠢᠴᠡᠬᠦ ᠶᠢ ᠨᠢ ᠲᠢᠩᠬᠢᠮ ᠤᠨ ᠫᠤᠷᠲ᠋ᠧᠯ ᠰᠦᠯᠵᠢᠶᠡᠨ ᠳᠡᠭᠡᠷ᠎ᠡ ᠨᠡᠶᠢᠲᠡᠯᠡᠬᠦ | ᠬᠡᠷᠡᠭᠲᠡᠶ᠃ ᠬᠥᠬᠡᠭᠴᠢᠨ ᠲᠠᠰ ᠤᠨ ᠬᠢᠷᠢ ᠬᠡᠮ ᠤᠨ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠲᠢᠩᠬᠢᠮ ᠳᠤ ᠭᠤᠶᠤᠴᠢᠯᠠᠭᠰᠠᠨ ᠨᠢᠭᠡᠴᠢ ᠳᠤ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠨᠢᠭᠡ ᠯᠡ ᠤᠳᠠᠭ᠎ᠠ ᠳᠤ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠬᠥᠬᠡᠭᠴᠢᠨ ᠲᠠᠰ ᠤᠨ | ᠬᠢᠷᠢ ᠬᠡᠮ ᠤᠨ ᠨᠥᠬᠦᠴᠡᠯ ᠳᠤ ᠨᠡᠶᠢᠴᠡᠬᠦ ᠶᠢ ᠨᠢ ᠳᠠᠬᠢᠨ ᠢᠯᠡ ᠨᠡᠶᠢᠲᠡᠯᠡᠬᠦ ᠲᠠᠰ ᠳᠠᠷᠠᠭᠠᠯᠠᠯ ᠢ ᠭᠦᠢᠴᠡᠳᠭᠡᠨ᠎ᠡ᠃ | ︵ᠲᠦᠷᠪᠡ︶ ᠬᠢᠨᠠᠨ ᠵᠥᠪᠰᠢᠶᠡᠷᠡᠬᠦ | ᠢᠯᠡ ᠨᠡᠶᠢᠲᠡᠯᠡᠬᠦ ᠬᠤᠭᠤᠴᠠᠭᠠᠨ ᠳᠤ ᠵᠠᠭᠠᠯᠳᠤᠯᠭ᠎ᠠ ᠪᠤᠶᠤ ᠣᠨᠳᠣᠤ ᠰᠠᠨᠠᠯ ᠢ ᠣᠯᠤᠭᠰᠠᠨ ᠥᠬᠡᠶ ᠪᠠᠶᠢᠪᠠᠯ᠂ ᠲᠢᠩᠬᠢᠮ ᠠᠴᠠ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠬᠥᠬᠡᠭᠴᠢᠨ ᠲᠠᠰ ᠤᠨ ᠬᠢᠷᠢ ᠬᠡᠮ ᠤᠨ ᠦᠨᠡᠮᠯᠡᠯ ᠰᠣᠯᠢᠵᠤ ᠣᠯᠭᠤᠨ᠎ᠠ᠃ | ᠭᠤᠶᠤᠴᠢᠯᠠᠭᠰᠠᠨ ᠨᠢᠭᠡᠴᠢ ︽ᠮᠢᠨᠦ ᠭᠡᠷᠡᠴᠢ ᠦᠨᠡᠮᠯᠡᠯ︾ ᠠᠴᠠ ᠪᠠᠭᠤᠯᠭᠠᠨ ᠬᠡᠷᠡᠭᠯᠡᠵᠦ ᠪᠣᠯᠤᠨ᠎ᠠ᠂ ᠡᠯᠧᠺᠲᠷᠣᠨ ᠦᠨᠡᠮᠯᠡᠯ ᠨᠢ ᠴᠠᠭᠠᠰᠤᠨ ᠦᠨᠡᠮᠯᠡᠯ ᠲᠠᠢ | ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃ | ᠢᠯᠡ ᠨᠡᠶᠢᠲᠡᠯᠡᠬᠦ ᠬᠤᠭᠤᠴᠠᠭᠠᠨ ᠳᠤ ᠵᠠᠭᠠᠯᠳᠤᠯᠭ᠎ᠠ ᠪᠤᠶᠤ ᠣᠨᠳᠣᠤ ᠰᠠᠨᠠᠯ ᠲᠠᠢ ᠪᠠᠶᠢᠵᠤ᠂ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠨᠢ ᠦᠨᠡᠨ | ᠪᠣᠳᠠᠲᠠᠶ ᠪᠥᠭᠡᠳ ᠬᠥᠬᠡᠭᠴᠢᠨ ᠲᠠᠰ ᠤᠨ ᠬᠢᠷᠢ ᠬᠡᠮ ᠤᠨ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠲᠢᠩᠬᠢᠮ ᠠᠴᠠ ᠭᠤᠶᠤᠴᠢᠯᠠᠯ ᠤᠨ ᠮᠠᠲ᠋ᠧᠷᠢᠶᠠᠯ ᠢ | ᠪᠤᠴᠠᠭᠠᠬᠤ ᠶᠢᠨ ᠬᠠᠮᠲᠤ ᠭᠤᠶᠤᠴᠢᠯᠠᠭᠰᠠᠨ ᠨᠢᠭᠡᠴᠢ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠮᠡᠳᠡᠭᠳᠡᠬᠦ ᠬᠡᠷᠡᠭᠲᠡᠶ᠃ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠠᠬᠢᠨ ᠢᠯᠡ ᠨᠡᠶᠢᠲᠡᠯᠡᠬᠦ᠂ ᠦᠨᠡᠮᠯᠡᠯ ᠰᠣᠯᠢᠬᠤ ᠳᠡᠰ ᠳᠠᠷᠠᠭᠠᠯᠠᠯ ᠢ ᠭᠦᠢᠴᠡᠳᠬᠡᠬᠦ | ᠬᠡᠷᠡᠭᠲᠡᠶ᠃ | ᠳᠥᠷᠪᠡ᠂ ᠪᠤᠰᠤᠳ ᠱᠠᠭᠠᠷᠳᠠᠯᠭ᠎ᠠ | ᠦᠨᠡᠮᠯᠡᠯ ᠰᠣᠯᠢᠬᠤ ᠴᠢᠬᠤᠯᠠᠲᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠨᠢ ᠭᠤᠶᠤᠴᠢᠯᠠᠯ ᠤᠨ ᠮᠠᠲ᠋ᠧᠷᠢᠶᠠᠯ ᠢᠶᠠᠨ ᠴᠠᠭ ᠲᠤᠬᠠᠶ ᠳᠤᠨᠢ | ᠮᠡᠳᠡᠭᠦᠯᠦᠨ ᠬᠦᠷᠭᠡᠵᠦ᠂ ᠲᠣᠭᠲᠠᠭᠰᠠᠨ ᠴᠠᠭ ᠤᠨ ᠳᠣᠲᠣᠷ᠎ᠠ ᠭᠤᠶᠤᠴᠢᠯᠠᠯ ᠢᠶᠠᠨ ᠲᠤᠰᠢᠶᠠᠭᠰᠠᠨ ᠥᠬᠡᠶ ᠪᠣᠯ ᠦᠨᠡᠮᠯᠡᠯ ᠰᠣᠯᠢᠬᠤ ᠬᠡᠷᠡᠭᠴᠡᠭᠡ ᠱᠠᠭᠠᠷᠳᠠᠯᠭ᠎ᠠ | ᠥᠬᠡᠶ ᠪᠠᠷ ᠦᠵᠡᠵᠦ᠂ ᠪᠠᠶᠢᠭ᠎ᠠ ᠬᠥᠬᠡᠭᠴᠢᠨ ᠲᠠᠰ ᠤᠨ ᠬᠢᠷᠢ ᠬᠡᠮ ᠤᠨ ᠦᠨᠡᠮᠯᠡᠯ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ | ᠬᠦᠴᠦᠨ ᠥᠬᠡᠶ ᠪᠣᠯᠤᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠭᠤᠶᠤᠴᠢᠯᠠᠭᠴᠢ ᠵᠠᠰᠠᠭ | ᠵᠠᠬᠢᠷᠭᠠᠨ ᠤ ᠵᠥᠪᠰᠢᠶᠡᠷᠡᠯ ᠠᠪᠬᠤ ᠪᠠᠷ ᠭᠤᠶᠤᠴᠢᠯᠠᠬᠤ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠪᠠ | ᠦᠨᠡᠨ ᠪᠣᠳᠠᠲᠠᠶ ᠪᠠᠶᠢᠳᠠᠯ ᠢ ᠲᠤᠰᠬᠠᠬᠤ ᠬᠡᠷᠡᠭᠲᠡᠶ ᠪᠥᠭᠡᠳ ᠭᠤᠶᠤᠴᠢᠯᠠᠬᠤ ᠮᠠᠲ᠋ᠧᠷᠢᠶᠠᠯ ᠤᠨ ᠮᠥᠨ ᠴᠢᠨᠠᠷ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠬᠡᠷᠡᠭᠲᠡᠶ︾ ᠭᠡᠰᠡᠨ ᠲᠣᠭᠲᠠᠭᠠᠯ ᠢ ᠦᠨᠳᠦᠰᠦᠯᠡᠪᠡᠯ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠨᠢ ᠲᠤᠰᠢᠶᠠᠬᠤ ᠮᠠᠲ᠋ᠧᠷᠢᠶᠠᠯ ᠤᠨ | ᠮᠥᠨ ᠴᠢᠨᠠᠷ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ ᠬᠢᠨᠠᠨ ᠪᠠᠶᠢᠴᠠᠭᠠᠬᠤ ᠶᠠᠪᠤᠴᠠ ᠳᠤ ᠭᠤᠶᠤᠴᠢᠯᠠᠭᠴᠢ ᠶᠢᠨ | ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠢ ᠣᠯᠵᠤ ᠮᠡᠳᠡᠪᠡᠯ᠂ ᠮᠠᠨ ᠤ ᠲᠢᠩᠬᠢᠮ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠥᠬᠡ ᠲᠠᠰ ᠤᠨ ᠲᠥᠯᠥᠪᠵᠢᠭᠦᠯᠭᠡ ᠶᠢᠨ ᠬᠢᠷᠢ ᠭᠡᠮ ᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ | ᠭᠦᠢᠴᠡᠳᠬᠡᠨ᠎ᠡ᠃ | ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠸᠧᠨ ᠲᠣᠣ 0471 – 4215815 | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠨᠡᠶᠢᠭᠡᠮᠯᠢᠭ ᠤᠨ ᠸᠠᠩ ᠰᠢᠨ ᠯᠢ | 15049497828 | ᠴᠠᠭᠠᠰᠤᠨ ᠮᠠᠲ᠋ᠧᠷᠢᠶᠠᠯ ᠮᠡᠳᠡᠭᠦᠯᠦᠨ ᠬᠦᠷᠭᠡᠬᠦ ᠬᠠᠶ᠋ᠢᠭ᠄ ᠬᠥᠬᠡᠬᠤᠲᠠ ᠶᠢᠨ ᠰᠢᠤᠸᠠᠢ ᠶᠤᠸᠠᠨ ᠵᠡᠭᠦᠨ ᠵᠡᠭᠡᠯᠢ ᠶᠢᠨ 11 ᠳ᠋ᠤᠭᠡᠷ ᠲᠣᠭᠠᠲᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠤᠬᠠᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ︵ | ᠬᠤᠷᠢᠶᠠᠬᠤ︶᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | 2025 ᠣᠨ ᠤ 4 ᠳ᠋ᠦ᠋ᠭᠡᠷ ᠰᠠᠷ᠎ᠠ ᠶᠢᠨ 21 ᠤ ᠡᠳᠦᠷ | |