ᠳᠡᠯᠡᠬᠡᠢ ᠶᠢᠨ ᠪᠥᠮᠪᠥᠷᠴᠡᠭ ᠤᠨ ᠡᠳᠦᠷ᠄ ᠳᠡᠯᠡᠬᠡᠢ ᠶᠢᠨ ᠪᠥᠮᠪᠥᠷᠴᠡᠭ ᠢ ᠬᠠᠶᠢᠷᠠᠯᠠᠵᠤ  ᠬᠥᠮᠦᠨ ᠪᠠ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠤᠷᠤᠰᠢᠨ᠎ᠠ
ᠨᠡᠶᠢᠲᠡᠯᠡᠭᠰᠡᠨ ᠴᠠᠭ᠄
2025/4/23
  ᠥᠨᠥᠳᠦᠷ ᠪᠣᠯ 56 ᠳ᠋ᠤᠭᠠᠷ ᠳᠡᠯᠡᠬᠡᠢ ᠶᠢᠨ ᠳᠡᠯᠡᠬᠡᠶ ᠶᠢᠨ ᠪᠥᠮᠪᠥᠷᠴᠡᠭ ᠤᠨ ᠡᠳᠦᠷ᠂ ᠡᠨᠡ ᠵᠢᠯ ᠤᠨ ᠭᠤᠣᠯ ᠰᠡᠳᠦᠪ ᠪᠣᠯ ︽ᠳᠡᠯᠡᠬᠡᠶ ᠶᠢᠨ ᠪᠥᠮᠪᠥᠷᠴᠡᠭ ᠢ ᠬᠠᠶᠢᠷᠠᠯᠠᠵᠤ᠂ ᠬᠦᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠤᠷᠤᠰᠢᠨ᠎ᠠ︾᠃ ᠪᠦᠬᠦ ᠣᠷᠣᠨ ᠤ ᠡᠯ᠎ᠡ ᠭᠠᠵᠠᠷ ᠤᠨ ᠬᠢᠨ ᠣᠯᠠᠨ ᠶᠠᠩᠵᠤ ᠬᠡᠯᠪᠡᠷᠢ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠤᠯᠠᠮᠵᠢᠯᠠᠨ᠎ᠠ᠃ 
4.23-1.png
   4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠭᠤᠤᠯᠯᠠᠨ ᠡᠷᠬᠢᠯᠡᠭᠰᠡᠨ ᠳᠡᠯᠡᠬᠡᠢ ᠶᠢᠨ ᠳᠡᠯᠡᠬᠡᠢ ᠶᠢᠨ ᠪᠥᠮᠪᠥᠷᠴᠡᠭ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠲᠤᠬᠠᠶ ᠶᠢᠨ ᠲᠠᠯᠠᠪᠠᠶ ᠳᠤ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠤᠯᠤᠰ ᠤᠨ ᠪᠣᠳᠣᠯᠭ᠎ᠠ᠂ ᠳᠡᠯᠡᠬᠡᠶ ᠶᠢᠨ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠵᠡᠷᠭᠡ ᠶᠢ ᠤᠬᠠᠭᠤᠯᠵᠤ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠪᠡ᠃ ᠲᠤᠬᠠᠶ ᠶᠢᠨ ᠲᠠᠯᠠᠪᠠᠶ ᠳᠤ ᠪᠠᠰᠠ ᠤᠮᠠᠷᠠᠲᠤ ᠬᠢᠯᠢ ᠶᠢᠨ ᠡᠷᠳᠡᠨᠢ ᠡᠷᠢᠬᠦ — ᠥᠪᠥᠷ ᠮᠣᠩᠭᠤᠯ ᠤᠨ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠳᠡᠯᠭᠡᠨ ᠦᠵᠡᠭᠦᠯᠵᠦ᠂ ᠳᠡᠯᠡᠬᠡᠶ ᠶᠢᠨ ᠪᠥᠮᠪᠥᠷᠴᠡᠭ ᠤᠨ ᠮᠡᠳᠡᠯᠭᠡ ᠶᠢᠨ ᠱᠠᠩᠨᠠᠯᠲᠤ ᠥᠷᠢᠰᠥᠯᠳᠦᠭᠡᠨ ᠤ ᠵᠠᠩᠭᠢᠯᠠᠭ᠎ᠠ ᠶᠢᠨ ᠭᠤᠭᠴᠤᠭ᠎ᠠ ᠶᠢ ᠲᠣᠬᠢᠷᠠᠭᠤᠯᠪᠠ᠃ 
4.23-2.png
   ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠳᠤ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠱᠢ ᠰᠢᠤᠸᠠᠢ ᠨᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠡᠯᠡᠬᠡᠢ ᠶᠢᠨ ᠪᠥᠮᠪᠥᠷᠴᠡᠭ ᠢ ᠬᠠᠮᠠᠭᠠᠯᠠᠬᠤ᠂ ᠡᠬᠢ ᠪᠠᠶᠠᠯᠢᠭ ᠢ ᠰᠠᠬᠢᠨ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠢᠭᠡ ᠳᠤᠰᠤᠯ ᠤᠰᠤ᠂ ᠨᠢᠭᠡ ᠭᠷᠠᠳᠦ᠋ᠰ ᠴᠠᠬᠢᠯᠭᠠᠨ᠂ ᠨᠢᠭᠡ ᠬᠡᠰᠡᠭ ᠴᠠᠭᠠᠰᠤ ᠨᠢᠭᠡᠪᠦᠷᠢ ᠶᠢ ᠠᠷᠪᠢᠯᠠᠵᠤ᠂ ᠮᠠᠨ ᠤ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠶᠢ ᠤᠷᠢᠶᠠᠯᠠᠪᠠ᠃ 
4.23-3.png
   4 ᠳ᠋ᠦ᠋ᠭᠡᠷ ᠰᠠᠷ᠎ᠠ ᠶᠢᠨ 22 ᠤᠨ ᠡᠳᠦᠷ᠂ ᠦᠬᠠᠢ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠡᠶᠢᠭᠡᠮᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠰᠡᠳᠦᠪᠲᠦ ᠦᠷ᠎ᠡ ᠬᠡᠦᠬᠡᠳ ᠤᠨ ᠠᠵᠢᠯᠯᠠᠭ᠎ᠠ ᠶᠢ ᠡᠷᠬᠢᠯᠡᠵᠦ᠂ ︽ᠭᠠᠷ ᠭᠠᠷ ᠢᠶᠠᠨ ᠬᠤᠯᠪᠣᠯᠴᠠᠬᠤ︾ ᠬᠡᠯᠪᠡᠷᠢ ᠪᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠮᠦᠵᠢᠯ ᠢ ᠭᠡᠷ ᠪᠦᠯᠢ ᠳᠤ ᠬᠦᠷᠲᠡᠯ᠎ᠡ ᠤᠷᠲᠤᠳᠬᠠᠪᠠ᠃ ᠪᠤᠭᠤᠲᠤ ᠬᠤᠲᠠ ᠳᠤ᠂ ᠬᠡᠦᠬᠡᠳ ᠤᠨ ᠴᠡᠴᠡᠷᠯᠢᠭ ᠤᠨ 90 ᠭᠠᠷᠤᠶ ᠪᠠᠭᠰᠢ ᠰᠤᠷᠤᠭᠴᠢᠳ ᠬᠤᠲᠠ ᠶᠢᠨ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠬᠦᠷᠴᠦ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠣᠷᠣᠰᠢᠬᠤ ᠪᠠᠶᠢᠳᠠᠯ ᠢ ᠣᠶᠢᠯᠠᠭᠠᠵᠠᠶ᠃ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠤ᠋ ᠬᠤᠶᠠᠳᠤᠭᠠᠷ ᠪᠠᠭ᠎ᠠ ᠰᠤᠷᠭᠠᠭᠤᠯᠢ ᠳᠤ᠂ ᠭᠡᠷᠡᠯ ᠵᠢᠷᠤᠭ᠂ ᠸᠢᠳᠢᠣ᠋ ᠵᠡᠷᠭᠡ ᠬᠡᠯᠪᠡᠷᠢ ᠪᠠᠷ ᠰᠤᠷᠤᠭᠴᠢᠳ ᠲᠤ ᠣᠶ ᠰᠢᠭᠤᠶ ᠬᠤᠷᠠᠵᠤ ᠪᠠᠭᠠᠰᠤᠭᠰᠠᠨ᠂ ᠲᠡᠯᠡᠶ ᠲᠠᠩᠭᠢᠰ ᠤᠨ ᠪᠣᠬᠢᠷᠲᠤᠯ ᠵᠡᠷᠭᠡ ᠳᠡᠯᠡᠬᠡᠶ ᠶᠢᠨ ᠪᠥᠮᠪᠥᠷᠴᠡᠭ ᠤᠨ ᠣᠷᠴᠢᠨ ᠲᠣᠭᠤᠷᠢᠨ ᠤ ᠠᠰᠠᠭᠤᠳᠠᠯ ᠢ ᠳᠡᠯᠭᠡᠨ ᠦᠵᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ᠳᠡᠯᠡᠬᠡᠶ ᠶᠢᠨ ᠪᠥᠮᠪᠥᠷᠴᠡᠭ ᠢ ᠬᠠᠶᠢᠷᠠᠯᠠᠨ ᠬᠠᠮᠠᠭᠠᠯᠠᠭᠤᠯᠪᠠ᠃
4.23-4.png
  ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠠ ᠶᠠᠩ ᠱᠤ᠋ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠶᠤᠸᠠᠨ ᠰᠢ ᠠᠴᠠ ᠪᠢ ᠮᠠᠰᠢ ᠣᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠰᠤᠷᠤᠭᠰᠠᠨ ᠶᠤᠮ᠂ ᠰᠡᠭᠦᠯᠡᠷ ᠪᠢ ᠪᠠᠰᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠢᠴᠢᠬᠠᠨ ᠬᠠᠮᠠᠭᠠᠯᠠᠭᠴᠢ ᠪᠣᠯᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ᠂ ᠳᠡᠯᠡᠬᠡᠢ ᠶᠢᠨ ᠪᠥᠮᠪᠥᠷᠴᠡᠭ ᠢ ᠨᠡᠩ ᠦᠵᠡᠰᠭᠦᠯᠡᠩᠲᠦ ᠰᠠᠶᠢᠬᠠᠨ ᠪᠣᠯᠭᠠᠨ᠎ᠠ ᠭᠡᠵᠡᠢ᠃ 
ᠢᠷᠡᠯᠲᠡ᠄ ᠦᠪᠤᠷ ᠮᠣᠩᠭᠤᠯ ᠤᠨ ᠷᠡᠳᠢᠤ᠋ ᠲᠧᠯᠸᠢᠰ ᠬᠤᠷᠢᠶ᠎ᠠ ᠶᠢᠨ ᠠᠯᠪᠠᠨ ᠤ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ