ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/24
  4 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠰᠤᠷᠤᠯᠴᠠᠬᠤ ︵ᠥᠷᠭᠡᠳᠬᠡᠭᠰᠡᠨ︶ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠨ ᠰᠤᠷᠤᠯᠴᠠᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠲᠠᠢ ᠬᠠᠷᠭᠤᠭᠤᠯᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠷᠨᠢᠭᠦᠯᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠬᠤᠷᠠᠯ ᠢ ᠡᠷᠭᠢᠯᠡᠪᠡ᠃
4.24-1.jpg
  ᠬᠤᠷᠠᠯ ᠠᠴᠠ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠪᠠᠶᠢᠴᠠᠭᠠᠵᠤ ᠨᠠᠷᠢᠨ ᠬᠠᠷᠭᠤᠭᠤᠯᠵᠤ ᠳᠤᠲᠠᠭᠤᠳᠠᠯ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ ᠤᠯᠬᠤ ᠬᠡᠷᠡᠭᠲᠡᠶ᠃ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ᠂ ᠠᠮᠢ ᠠᠬᠤᠢ ᠶᠢ ᠵᠠᠰᠠᠨ ᠰᠡᠷᠭᠦᠭᠡᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠡᠷᠬᠡ ᠶᠢ ᠲᠣᠳᠣᠯᠠᠨ ᠲᠣᠭᠲᠠᠭᠠᠵᠤ ᠳᠠᠩᠰᠠᠯᠠᠬᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ ᠡᠷᠬᠡ ᠲᠥᠪᠯᠡᠷᠡᠭᠰᠡᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ︽ᠳᠤᠯᠠᠭᠠᠨ ᠤ ᠵᠥᠷᠢᠶ᠎ᠡ︾᠂ ︽ᠪᠠᠭᠤᠷᠠᠯᠲᠠ ᠶᠢᠨ ᠵᠦᠷᠢᠶ᠎ᠡ︾ ᠶᠢ ᠢᠯᠡᠷᠡᠭᠦᠯᠪᠡ᠃ ᠦᠨᠳᠦᠰᠦᠨ ᠱᠠᠲᠤᠨ ᠤ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠠᠰᠠᠭᠤᠳᠠᠯ ᠢ ᠦᠷᠭᠦᠯᠵᠢᠯᠡᠨ ᠬᠠᠷᠢᠴᠠᠭᠤᠯᠤᠨ ᠳᠡᠯᠭᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠢᠮ ᠤᠨ ᠬᠠᠳᠠᠨ ᠴᠢᠨᠠᠷ ᠢ ᠴᠢᠩᠭᠠᠳᠬᠠᠵᠤ᠂ ︽ᠦᠩᠭᠡᠨ ᠲᠠᠯ᠎ᠠ ᠪᠠ ᠦᠨᠳᠦᠰᠦ ᠶᠢ ᠵᠡᠷᠭᠡ ᠪᠠᠷ ᠵᠠᠰᠠᠬᠤ︾ ᠰᠡᠳᠬᠢᠬᠦᠢ ᠪᠠᠷ ᠲᠦᠷᠢᠮ ᠤᠨ ᠰᠢᠩᠭᠡᠯᠢᠭ ᠢ ᠴᠢᠩᠭ᠎ᠠ ᠰᠦᠯᠵᠢᠵᠦ᠂ ᠪᠦᠬᠦ ᠲᠠᠯ᠎ᠠ ᠪᠠᠷ ᠪᠦᠬᠦ ᠬᠡᠯᠬᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃  ᠬᠤᠷᠠᠯ ᠠᠴᠠ᠂ ᠴᠢᠩᠭ᠎ᠠ ᠪᠣᠳᠠᠲᠠᠢ ᠰᠤᠷᠲᠠᠯ ᠢ ᠳᠠᠪᠲᠠᠨ ᠪᠣᠯᠪᠠᠰᠤᠷᠠᠭᠤᠯᠵᠤ᠂ ︽ᠬᠢᠳᠤᠭᠠᠨ ᠢᠷ ᠢ ᠳᠣᠲᠣᠭᠰᠢ ᠬᠠᠨᠳᠤᠭᠤᠯᠬᠤ︾ ᠰᠥᠰᠥ ᠵᠣᠷᠢᠭ ᠢᠶᠠᠷ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠨᠳᠦᠰᠦᠨ ᠠᠴᠠ ᠨᠢ ᠵᠠᠰᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ︽ᠬᠠᠷᠢᠯᠴᠠᠬᠤ ᠴᠡᠭ︾ ᠤᠨ ᠲᠦᠷᠢᠮ ᠢ ᠰᠠᠶᠢᠲᠤᠷ ᠪᠠᠳᠠᠷᠠᠭᠤᠯᠵᠤ᠂ ︽ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠬᠦ︾ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠶ ᠪᠣᠯᠭᠠᠨ᠎ᠠ᠃ ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠨᠠᠷᠢᠨ ᠬᠢᠨᠠᠮᠠᠭᠠᠶ ᠬᠠᠷᠢᠭᠤᠴᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠠᠵᠢᠯ ᠤᠨ ᠰᠤᠷᠲᠠᠯ ᠢ ᠳᠠᠪᠲᠠᠨ  ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃  ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠶᠡᠷᠦᠩᠬᠡᠶ ᠲᠥᠯᠥᠪᠵᠢᠭᠦᠯᠦᠭᠴᠢ᠂ ᠶᠡᠷᠦᠩᠬᠡᠶ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ ᠶᠢᠨ ᠬᠠᠷᠢᠭᠤᠴᠠᠯᠭᠠᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠪ ᠤᠨ ᠥᠪᠥᠷ ᠮᠣᠩᠭᠤᠯ ᠤᠨ ᠶᠡᠷᠦᠩᠬᠡᠶ ᠠᠩᠭᠢ ᠵᠢᠴᠢ ᠵᠦᠡᠭ ᠬᠤᠸᠠ ᠭᠠᠵᠠᠷ ᠰᠢᠨᠵᠢᠯᠡᠭᠡᠨ ᠤ ᠠᠭᠤᠷᠬᠠᠶ ᠶᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ ᠰᠤᠷᠤᠯᠴᠠᠯᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ