︽ᠵᠣᠬᠢᠶᠠᠮᠠᠯ ᠣᠶᠤᠨ + ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ︾ ᠵᠠᠭᠪᠤᠷ ᠢ ᠲᠦᠷᠭᠡᠳᠬᠡᠨ ᠰᠦᠪᠡᠭᠴᠢᠯᠡᠨ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠨ | ᠲᠡᠮᠳᠡᠭᠯᠡᠬᠦ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ᠂ DeepSeekAI ᠲᠣᠮᠣ ᠳ᠋ᠠᠶᠢᠲ᠋ᠠ ᠶᠢᠨ ᠵᠠᠭᠪᠤᠷ ᠲᠤ ᠵᠠᠯᠭᠠᠨ | ᠣᠷᠣᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠶᠢᠨ ᠲᠦᠷ ᠬᠡᠷᠡᠭᠵᠢᠭᠦᠯᠬᠦ ᠲᠦᠷᠢᠮ︾᠂ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠦᠷ ᠬᠡᠷᠡᠭᠵᠢᠭᠦᠯᠬᠦ ᠲᠦᠷᠢᠮ ᠢ ᠬᠡᠷᠡᠭᠵᠢᠭᠦᠯᠬᠦ | ᠨᠠᠷᠢᠨ ᠲᠦᠷᠢᠮ︾᠂ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠥᠬᠦ ᠲᠥᠷᠥᠯ ᠬᠡᠯᠪᠡᠷᠢ ᠶᠢᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠤᠰᠬᠠᠶ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠪᠣᠶ ᠪᠣᠯᠭᠠᠵᠤ᠂ 24 ᠴᠠᠭ ᠤᠨ ᠰᠦᠯᠵᠢᠶᠡᠨ ᠳᠡᠭᠡᠷᠡᠬᠢ | ᠣᠶᠤᠨᠴᠢ ᠦᠢᠯᠡᠴᠢᠯᠡᠭᠡ ᠶᠢ ᠪᠣᠶ ᠪᠣᠯᠭᠠᠵᠤ᠂ 4 ᠳ᠋ᠦ᠋ᠭᠡᠷ ᠰᠠᠷ᠎ᠠ ᠶᠢᠨ 23 ᠤ ᠡᠳᠦᠷ ᠰᠦᠯᠵᠢᠶᠡᠨ ᠳᠤ ᠣᠷᠣᠭᠤᠯᠤᠨ ᠲᠤᠷᠰᠢᠨ ᠠᠵᠢᠯᠯᠠᠭᠤᠯᠪᠠ᠃ | AI ᠤᠶᠤᠨᠴᠢ ᠦᠢᠯᠡᠴᠢᠯᠡᠭᠡ ᠨᠢ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠤᠪᠤᠷᠠᠯ᠂ | ᠭᠦᠢᠴᠡᠳᠭᠡᠬᠦ ᠴᠠᠭ ᠤᠨ ᠬᠢᠵᠠᠭᠠᠷ᠂ ᠴᠢᠬᠤᠯᠠ ᠨᠥᠬᠦᠴᠡᠯ ᠤᠨ ᠮᠠᠲ᠋ᠧᠷᠢᠶᠠᠯ ᠤᠨ ᠨᠠᠷᠢᠨ ᠲᠠᠩᠰᠠ᠂ ᠰᠦᠢᠳᠭᠡᠯ ᠬᠤᠷᠢᠶᠠᠬᠤ ᠪᠠᠷᠢᠮᠵᠢᠶ᠎ᠠ᠂ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠵᠡᠷᠭᠡ ᠬᠡᠳᠦᠨ ᠶᠡᠭᠡ ᠲᠥᠷᠥᠯ ᠤᠨ ᠠᠰᠠᠭᠤᠳᠠᠯ ᠳᠤ ᠠᠦ᠋ᠲ᠋ᠣ᠋ ᠬᠠᠷᠢᠭᠤᠯᠲᠠ ᠥᠭᠴᠦ᠂ ᠠᠵᠤ ᠠᠬᠤᠶᠢᠯᠠᠯ ᠣᠯᠠᠨ ᠲᠦᠮᠡᠨ ᠤ | ᠰᠦᠯᠵᠢᠶᠡᠨ ᠳᠡᠭᠡᠷ᠎ᠡ ᠣᠶᠤᠨᠴᠢ᠂ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠭᠡᠬᠦ ᠯᠠᠪᠯᠠᠯᠲᠠ ᠬᠠᠩᠭᠠᠵᠤ ᠴᠢᠳᠠᠨ᠎ᠠ᠃ ᠬᠡᠷᠡᠭᠯᠡᠭᠴᠢ ᠵᠥᠪᠬᠡᠨ ︽ᠮᠥᠩᠬᠡ | ᠰᠤᠪᠠᠭ︾ APP ᠨᠢ ᠥᠯᠥ ᠬᠥᠳᠡᠯᠬᠦ ᠬᠥᠷᠥᠩᠭᠡ ᠶᠢᠨ ᠲᠤᠰᠬᠠᠶ ᠲᠣᠭᠤᠷᠢᠭ ᠲᠤ ᠣᠷᠣᠵᠤ᠂ ᠨᠢᠭᠤᠷ ᠤᠨ ᠪᠠᠷᠠᠭᠤᠨ ᠳᠣᠤᠷ᠎ᠠ ᠲᠠᠯ᠎ᠠ ᠳᠤ AI ᠤᠶᠤᠨᠴᠢ | ᠦᠢᠯᠡᠴᠢᠯᠡᠭᠡᠨ ᠤ ᠵᠢᠷᠤᠭ ᠲᠡᠮᠳᠡᠭ ᠢ ᠲᠤᠪᠴᠢᠳᠠᠨᠠ᠂ ᠳᠠᠷᠤᠶ ᠠᠰᠠᠭᠤᠨ ᠯᠠᠪᠯᠠᠬᠤ ᠠᠰᠠᠭᠤᠯᠲᠠ ᠬᠠᠷᠢᠭᠤᠯᠲᠠ ᠶᠢ ᠡᠬᠢᠯᠡᠭᠦᠯᠵᠦ ᠪᠣᠯᠤᠨ᠎ᠠ | ᠲᠠᠷᠠᠭᠠᠴᠢ ᠶᠢᠨ ᠠᠯᠬᠤᠮ ᠳᠤ᠂ AI ᠤᠶᠤᠨᠴᠢ ᠦᠢᠯᠡᠴᠢᠯᠡᠭᠡᠨ ᠤ ᠦᠢᠯᠡᠴᠢᠯᠡᠭᠡ ᠨᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠪᠥᠬᠦ | ᠣᠷᠣᠨ ᠳᠤ ᠨᠡᠶᠢᠳᠡᠮ ᠭᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ᠵᠡᠷᠭᠡ | ᠠᠷᠠᠳ ᠲᠤ ᠲᠥᠬᠦᠮ ᠦᠵᠡᠭᠦᠯᠬᠦ ᠵᠦᠢᠯᠡᠰ ᠲᠤ ᠦᠷᠭᠦᠯᠵᠢᠯᠡᠨ ᠴᠢᠭᠯᠡᠭᠦᠯᠦᠨ ᠲᠤᠰᠬᠠᠶ ᠵᠦᠢᠯ ᠤᠨ ᠵᠠᠭᠪᠤᠷ ᠤᠨ ᠪᠣᠯᠪᠠᠰᠤᠷᠠᠯ ᠢ ᠥᠷᠨᠢᠭᠦᠯᠵᠦ᠂ ᠡᠯ᠎ᠡ ᠠᠶᠢᠮᠠᠭ | ᠬᠤᠲᠠ ᠶᠢᠨ AI ᠵᠠᠭᠪᠤᠷ ᠢ ᠡᠮᠬᠢᠯᠡᠨ ᠨᠡᠶᠢᠯᠡᠭᠦᠯᠵᠦ ᠵᠠᠯᠭᠠᠨ ᠣᠷᠣᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠰᠦᠯᠵᠢᠶᠡᠨ ᠳᠡᠭᠡᠷ᠎ᠡ ︽ | ᠭᠦᠢᠴᠡᠳᠬᠡᠵᠦ ᠳᠡᠶᠢᠯᠬᠦ︾ ᠪᠠᠶᠢᠭᠰᠠᠨ ᠠᠴᠠ ᠰᠦᠯᠵᠢᠶᠡᠨ ᠳᠡᠭᠡᠷ᠎ᠡ ︽ᠠᠮᠠᠷᠬᠠᠨ ᠭᠦᠢᠴᠡᠳᠬᠡᠬᠦ︾ ᠪᠣᠯᠲᠠᠯ᠎ᠠ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠤᠶᠤᠨᠴᠢᠯᠠᠭᠰᠠᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ | ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ | |