4 ᠳ᠋ᠦ᠋ᠭᠡᠷ ᠰᠠᠷ᠎ᠠ ᠶᠢᠨ 24 ᠤ ᠡᠳᠦᠷ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠢ ᠵᠠᠰᠠᠬᠤ ᠵᠢᠴᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠵᠢᠴᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠲᠣᠬᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠰᠣᠨᠣᠰᠴᠤ᠂ ᠣᠳᠣᠬᠠᠨ ᠤ | ᠣᠯᠤᠭᠰᠠᠨ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠣᠯᠤᠨ | ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠠᠰᠠᠭᠤᠳᠠᠯ ᠢ ᠲᠦᠷᠦᠯ ᠳᠠᠷᠠᠭᠠᠯᠠᠨ ᠵᠠᠳᠠᠯᠤᠨ ᠰᠤᠳᠤᠯᠵᠤ | ᠮᠠᠭᠠᠳᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ ᠤᠨ ᠬᠢᠵᠠᠭᠠᠷ ᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢᠨ | ︽ᠳᠠᠩᠰᠠ ᠲᠤᠰᠢᠶᠠᠬᠤ︾ ᠶᠢ ᠴᠢᠩᠭ᠎ᠠ ᠵᠢᠷᠤᠮᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠬᠤᠰᠢᠭᠤ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠱᠠᠯᠠᠪᠳᠠᠭᠤᠯᠤᠨ ᠵᠢᠯᠣᠭᠤᠳᠴᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠤᠳᠠᠭᠠᠰᠢᠷᠠᠭᠤᠯᠬᠤ᠂ ᠬᠠᠷᠢᠯᠴᠠᠨ ᠲᠦᠯᠬᠢᠯᠴᠡᠬᠦ᠂ ᠨᠠᠵᠠᠭᠠᠶ ᠪᠠᠷ ᠴᠡᠭᠴᠡᠯᠡᠨ ᠰᠠᠶᠢᠵᠢᠷᠠᠭᠤᠯᠬᠤ ᠵᠡᠷᠭᠡ | ᠠᠰᠠᠭᠤᠳᠠᠯ ᠳᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ | ᠠᠵᠢᠯ ᠤᠨ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠪᠤᠢ ᠪᠦᠬᠦᠢ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠢ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠢ ᠠᠯᠢ ᠲᠦᠷᠭᠡᠨ ᠢᠶᠠᠷ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠵᠤ | ᠬᠠᠰᠤᠵᠤ ᠠᠷᠢᠯᠭᠠᠬᠤ ᠬᠡᠷᠡᠭᠲᠡᠢ᠃ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ︽ᠡᠷᠲᠡ ᠣᠯᠵᠤ ᠮᠡᠳᠡᠬᠦ᠂ ᠡᠷᠲᠡ | ᠬᠤᠷᠢᠭᠯᠠᠬᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠵᠢᠴᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠠᠰᠠᠭᠤᠳᠠᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ ᠭᠡᠵᠦ ᠴᠢᠬᠤᠯᠠᠴᠢᠯᠠᠵᠠᠢ᠃ | |