ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ 4 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠬᠠᠷᠢᠯᠴᠠᠭᠠᠨ ᠤ | ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠭᠠᠵᠤ ᠳᠡᠭᠡᠭᠰᠢᠯᠡᠭᠦᠯᠭᠦ ᠪᠠᠷ | ᠰᠠᠨᠠᠯ ᠨᠢᠭᠡᠲᠡᠢ ᠵᠥᠪᠰᠢᠶᠡᠷᠡᠪᠡ᠃ | | | | | | 4 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ | ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠷᠦᠲ᠋ᠤ᠋ ᠪᠣᠯᠣᠨ ᠲᠡᠭᠦᠨ ᠤ ᠬᠠᠳᠤᠨ ᠯᠸᠶᠢᠴᠢᠶᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 62 ᠵᠢᠯ ᠤᠨ ᠲᠤᠷᠰᠢ᠂ ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ | ᠭᠦᠨᠳᠦᠳᠭᠡᠵᠦ᠂ ᠬᠠᠷᠢᠯᠴᠠᠨ ᠳᠡᠮᠵᠢᠯᠴᠡᠵᠦ᠂ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠪᠣᠯᠣᠨ ᠲᠣᠷᠭᠠᠨ ᠵᠠᠮ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ | ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠳᠤᠮᠳᠠᠳᠤ ᠺᠧᠨᠢᠶᠠ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠳᠤᠮᠳᠠᠳᠤ | ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠪᠣᠯ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ | ᠮᠥᠨ᠃ ᠳᠤᠮᠳᠠᠳᠤ ᠤᠯᠤᠰ ᠳᠤᠷᠠᠲᠠᠶ᠎ᠠ ᠺᠧᠨᠢᠶᠠ ᠶᠢᠨ ᠬᠢᠨ ᠲᠠᠢ ᠬᠠᠮᠲᠤ ᠪᠠᠷ᠂ ᠲᠡᠦᠬᠡ ᠶᠢᠨ ᠤᠷᠤᠰᠬᠠᠯ ᠪᠣᠯᠣᠨ ᠴᠠᠭ ᠦᠶ᠎ᠡ ᠶᠢᠨ ᠶᠡᠭᠡ ᠬᠠᠨᠳᠤᠰᠢ ᠳᠤ | ᠵᠣᠬᠢᠴᠠᠵᠤ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠡᠪ ᠳᠠᠭᠤᠷᠢᠶᠠᠯ ᠢ ᠪᠤᠢ | ᠪᠤᠯᠭᠠᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ︽ᠳᠡᠯᠡᠬᠡᠢ ᠳᠡᠭᠡᠷ᠎ᠡ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ ᠶᠠᠪᠤᠬᠤ︾ ᠶᠡᠭᠡ ᠵᠠᠮ ᠪᠣᠯᠣᠨ᠎ᠠ᠃ | ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ ᠲᠣᠰ ᠲᠣᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠬᠤ ᠶᠢ ᠦᠷᠭᠦᠯᠵᠢᠯᠡᠨ ᠡᠷᠡᠰ ᠳᠡᠮᠵᠢᠵᠤ᠂ ᠲᠣᠰ ᠲᠣᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠬᠠᠶᠢᠨ | ᠰᠦᠪᠡᠭᠴᠢᠯᠡᠬᠦ ᠶᠢ ᠡᠷᠡᠰ ᠳᠡᠮᠵᠢᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ | ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ ᠠᠶᠠᠯᠠᠭᠴᠢ ᠪᠠ ᠵᠢᠩᠬᠢᠨᠢ ᠨᠠᠶᠢᠵᠠ ᠪᠣᠯᠣᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠪᠣᠯ ᠬᠤᠶᠠᠷ ᠤᠯᠤᠰ ᠤᠨ ᠬᠠᠮᠲᠤᠷᠠᠯᠴᠠᠭᠠᠨ ᠤ ᠭᠢᠯᠠᠯᠵᠠᠭᠰᠠᠨ ᠬᠠᠭᠤᠳᠠᠰᠤ ᠪᠣᠯᠣᠨ᠎ᠠ᠂ ᠪᠠᠶᠢᠩᠭᠤᠵᠢᠭᠰᠠᠨ ᠲᠦᠷᠦ ᠶᠢᠨ ᠪᠣᠳᠣᠯᠭ᠎ᠠ ᠶᠢᠨ | ᠣᠯᠣᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠠᠷᠠᠯᠵᠢᠶᠠᠨ ᠤ ᠦᠷᠭᠦᠯᠵᠢᠯᠡᠬᠦ ᠴᠢᠨᠠᠷᠲᠠᠢ | ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ ᠤᠯᠠᠨ ᠡᠰᠢᠵᠢᠭᠰᠡᠨ ᠪᠡᠯᠡ ᠮᠥᠩᠭᠦᠨ ᠤ ᠭᠦᠢᠯᠭᠡᠭᠡ ᠶᠢ ᠰᠦᠪᠡᠭᠴᠢᠯᠡᠵᠦ᠂ ᠦᠶ᠎ᠡ ᠦᠶ᠎ᠡ ᠶᠢᠨ ᠨᠥᠬᠦᠷᠯᠡᠯ | ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠦᠷᠭᠦᠯᠵᠢᠯᠡᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ | ᠳᠠᠭᠠᠭᠤᠯᠤᠭᠴᠢ ᠪᠣᠯᠣᠶ᠎ᠠ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠨᠢ ᠺᠧᠨᠢᠶᠠ ᠶᠢᠨ ᠴᠢᠨᠠᠷ ᠰᠠᠶᠢᠲᠠᠢ ᠦᠢᠯᠡᠳᠬᠦᠨ ᠳᠤ | ᠢᠮᠠᠭᠲᠠ ᠡᠭᠦᠳᠡ ᠪᠠᠨ ᠨᠡᠭᠡᠭᠡᠵᠦ᠂ ᠳᠤᠮᠳᠠᠳᠤ ᠤᠯᠤᠰ ᠨᠡᠩ ᠤᠯᠠᠨ ᠪᠣᠳᠠᠲᠤ ᠬᠦᠴᠦᠨ ᠪᠦᠬᠦᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠧᠨᠢᠶᠠ ᠳᠤ | ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ | ᠪᠦᠷᠢᠯᠳᠦᠭᠦᠨ ᠪᠣᠯᠤᠭᠰᠠᠨ ᠤ ᠬᠤᠪᠢ ᠳᠤ᠂ ᠳᠤᠮᠳᠠᠳᠤ ᠺᠧᠨᠢᠶᠠ ᠬᠤᠶᠠᠷ ᠤᠯᠤᠰ ᠪᠣᠳᠠᠲᠤ ᠠᠵᠢᠯᠯᠠᠭ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ | ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ | ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠶ᠎ᠠ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠤᠨ ᠦᠨᠡᠨ ᠪᠣᠳᠠᠲᠠᠢ ᠳᠣᠲᠣᠨᠣ ᠦᠨᠡᠨᠴᠢ ᠪᠠᠷ ᠠᠹᠷᠢᠺᠠ | ᠲᠢᠪ ᠲᠤ ᠬᠠᠨᠳᠤᠬᠤ ᠲᠦᠷᠦ ᠶᠢᠨ ᠪᠣᠳᠣᠯᠭ᠎ᠠ ᠶᠢᠨ ᠣᠶᠢᠯᠠᠭᠠᠭᠳᠠᠬᠤᠨ ᠬᠤᠪᠢᠷᠠᠬᠤ ᠦᠭᠡᠢ᠂ ᠳᠤᠮᠳᠠᠳᠤ ᠠᠹᠷᠢᠺᠠ ᠶᠢᠨ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠭ ᠰᠠᠨᠠᠭ᠎ᠠ ᠬᠤᠪᠢᠷᠠᠬᠤ ᠦᠭᠡᠢ᠂ ᠳᠤᠮᠳᠠᠳᠤ ᠠᠹᠷᠢᠺᠠ ᠶᠢᠨ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ᠂ ᠬᠠᠮᠲᠤ ᠪᠠᠷ ᠬᠥᠭᠵᠢᠬᠦ ᠦᠨᠳᠦᠰᠦᠨ ᠵᠣᠷᠢᠯᠲᠠ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠬᠡᠯᠡᠪᠡᠯ ᠢᠲᠡᠭᠡᠮᠵᠢᠲᠡᠢ᠂ ᠬᠢᠪᠡᠯ | ᠪᠦᠲᠦᠮᠵᠢᠲᠡᠢ ᠪᠠᠶᠢᠵᠤ᠂ ᠳᠤᠷᠠᠲᠠᠶ᠎ᠠ ᠺᠧᠨᠢᠶᠠ ᠶᠢ ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠡᠩ ᠤᠯᠠᠨ ᠡᠬᠢᠨ ᠤ | ᠬᠤᠭᠤᠴᠠᠭᠠᠨ ᠤ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠵᠦ᠂ ᠳᠤᠮᠳᠠᠳᠤ | ᠠᠹᠷᠢᠺᠠ ᠶᠢᠨ ᠬᠠᠮᠲᠤᠷᠠᠨ ᠬᠦᠴᠦᠷᠬᠡᠭᠵᠢᠬᠦ᠂ ᠪᠦᠯᠬᠦᠮᠳᠡᠨ ᠬᠠᠮᠵᠢᠯᠴᠠᠬᠤ ᠴᠠᠭ ᠦᠶ᠎ᠡ ᠶᠢᠨ ᠬᠦᠴᠦᠷᠬᠡᠭ ᠲᠠᠭᠤᠨ ᠢ ᠦᠷᠭᠦᠯᠵᠢᠯᠡᠨ ᠴᠤᠤᠷᠢᠶᠠᠲᠤᠭᠤᠯᠵᠤ᠂ | ᠴᠢᠨᠠᠷ ᠰᠠᠶᠢᠲᠠᠢ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭ᠎ᠠ ᠶᠢ ᠬᠥᠲᠥᠯᠥᠨ | ᠳᠠᠭᠠᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠳᠤᠮᠳᠠᠳᠤ ᠤᠯᠤᠰ ᠬᠡᠷᠡᠭ | ᠲᠠᠲᠠᠬᠤ ᠦᠭᠡᠢ ᠪᠥᠭᠡᠳ ᠬᠡᠷᠡᠭ ᠠᠴᠠ ᠠᠶᠤᠬᠤ ᠦᠭᠡᠢ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠪᠦᠯᠬᠦᠮᠳᠡᠨ ᠬᠠᠮᠲᠤᠷᠠᠯᠴᠠᠬᠤ ᠪᠠᠷ | ᠲᠠᠮᠵᠢᠨ ᠡᠯ᠎ᠡ ᠵᠦᠢᠯ ᠤᠨ ᠥᠷᠢᠰᠦᠯᠳᠦᠭᠡᠨ ᠢ ᠠᠷᠭᠠᠴᠠᠭᠠᠵᠤ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠤᠯᠠᠨ ᠤᠯᠤᠰ ᠤᠨ | ᠠᠷᠠᠯᠵᠢᠶᠠᠨ ᠤ ᠳᠦᠷᠢᠮ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠷᠦᠲ᠋ᠤ᠋᠂ ᠺᠧᠨᠢᠶᠠ ᠳᠤᠮᠳᠠᠳᠤ ᠴᠢᠩ ᠦᠨᠡᠨᠴᠢ ᠪᠠᠷ ᠬᠠᠨᠳᠤᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠢᠮᠠᠭᠲᠠ ᠪᠠᠷᠢᠮᠲᠠᠯᠠᠵᠤ᠂ | ᠬᠤᠶᠠᠷ ᠤᠯᠤᠰ ᠤᠨ ᠬᠠᠮᠲᠤᠷᠠᠯᠴᠠᠭ᠎ᠠ ᠬᠠᠮᠲᠤ ᠶᠢᠨ ᠬᠦᠰᠡᠯ ᠡᠷᠡᠮᠡᠯᠵᠡᠯ ᠲᠠᠢ ᠪᠠᠶᠢᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠭᠰᠠᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠪᠣᠯᠣᠨ᠎ᠠ᠃ ᠺᠧᠨᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ | ᠪᠠᠷᠢᠮᠲᠠᠯᠠᠨ᠎ᠠ᠃ ᠺᠧᠨᠢᠶᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠺᠧᠨᠢᠶᠠ ᠶᠢᠨ ᠰᠠᠭᠤᠷᠢ ᠲᠥᠬᠦᠭᠡᠷᠦᠮᠵᠢ ᠶᠢᠨ | ᠲᠦᠪᠰᠢᠨ ᠢ ᠳᠡᠭᠡᠭᠰᠢᠯᠡᠭᠦᠯᠭᠦ᠂ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ | ᠮᠤᠮᠪᠠᠰᠠ ᠠᠴᠠ ᠨᠠᠶᠢᠷᠤᠪᠢ ᠬᠦᠷᠬᠦ ᠲᠡᠮᠦᠷ ᠵᠠᠮ ᠵᠡᠷᠭᠡ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠺᠧᠨᠢᠶᠠ ᠶᠢᠨ ᠤᠯᠤᠰ ᠤᠨ ᠬᠥᠭᠵᠢᠯᠲᠡ ᠶᠢ | ᠬᠦᠴᠦᠲᠡᠢ ᠠᠬᠢᠭᠤᠯᠪᠠ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠪᠦᠭᠦ ᠲᠠᠯ᠎ᠠ ᠪᠠᠷ ᠵᠣᠯᠭᠠᠭᠤᠯᠵᠤ᠂ ᠠᠷᠠᠯᠵᠢᠶ᠎ᠠ᠂ ᠪᠡᠯᠡ | ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠲᠤᠰ ᠲᠤᠰ ᠤᠨ | ᠣᠳᠣᠬᠢᠴᠢᠯᠠᠯᠲᠠ ᠶᠢᠨ ᠠᠬᠢᠴᠠ ᠪᠠᠨ ᠠᠬᠢᠭᠤᠯᠵᠤ᠂ ᠬᠤᠶᠠᠷ ᠤᠯᠤᠰ ᠤᠨ ᠢᠷᠡᠭᠡᠳᠦᠢ ᠶᠢ ᠨᠡᠩ ᠨᠢᠭᠲᠠ ᠬᠤᠯᠪᠣᠨ᠎ᠠ᠃ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠨᠢ ᠠᠹᠷᠢᠺᠠ ᠲᠢᠪ ᠤᠨ ᠡᠩᠬᠡ ᠲᠠᠶᠢᠪᠤᠩ ᠬᠥᠭᠵᠢᠯᠲᠡ ᠳᠤ ᠠᠰᠢᠭᠲᠠᠢ ᠶᠤᠮ᠂ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠨᠢᠭᠲᠠ ᠵᠣᠬᠢᠴᠠᠭᠤᠯᠤᠨ ᠬᠠᠮᠵᠢᠯᠴᠠᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠷᠠᠯᠵᠢᠶᠠᠨ ᠤ ᠳᠠᠶᠢᠨ ᠨᠢ ᠣᠳᠣ ᠶᠢᠨ ᠪᠠᠶᠢᠭ᠎ᠠ ᠣᠯᠠᠨ ᠤᠯᠤᠰ ᠤᠨ ᠳᠦᠷᠢᠮ ᠪᠠ | ᠡᠮᠬᠢ ᠳᠢᠭᠯᠢᠮ ᠢ ᠡᠪᠳᠡᠵᠦ ᠪᠤᠢ᠃ ᠺᠧᠨᠢᠶᠠ ᠶᠢᠨ ᠬᠢᠨ ᠳᠤᠮᠳᠠᠳᠤ ᠤᠯᠤᠰ ᠤᠨ ᠣᠳᠣᠬᠠᠨ ᠤ ᠣᠷᠤᠭ᠎ᠠ ᠪᠤᠰᠬᠠᠭ᠎ᠠ ᠪᠠᠶᠢᠳᠠᠯ ᠳᠤ ᠲᠣᠭᠲᠠᠪᠤᠷᠢᠵᠢᠭᠤᠯᠤᠭᠴᠢ ᠶᠢᠨ | ᠦᠢᠯᠡᠳᠦᠯ ᠢᠶᠠᠨ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ ᠪᠠᠶᠢᠬᠤ ᠶᠢ | ᠮᠠᠭᠲᠠᠨ ᠰᠠᠶᠢᠰᠢᠶᠠᠵᠤ ᠪᠠᠶᠢᠨ᠎ᠠ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠦᠵᠡᠯ ᠢ ᠬᠠᠮᠲᠤ ᠪᠠᠷ ᠪᠠᠷᠢᠮᠲᠠᠯᠠᠨ | ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ | ᠳᠡᠭᠡᠳᠦ ᠰᠢᠨ᠎ᠡ ᠲᠸᠭᠨᠢᠭ ᠮᠡᠷᠭᠡᠵᠢᠯ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠢ ᠠᠷᠠᠯᠵᠢᠶ᠎ᠠ᠂ ᠰᠣᠨᠢᠨ ᠮᠡᠳᠡᠭᠡ ᠵᠠᠭᠤᠴᠢᠯᠠᠭᠤᠷ ᠵᠡᠷᠭᠡ | ᠬᠦᠷᠢᠶᠡᠨ ᠳᠠᠬᠢ 20 ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠧᠨᠢᠶᠠ ᠤᠯᠤᠰ ᠤᠨ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠦᠯᠢᠭᠡᠷ ᠳᠠᠭᠤᠷᠢᠶᠠᠯ ᠪᠤᠯᠬᠤ ᠲᠤᠬᠠᠢ | ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ | ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠲ᠋ᠤ᠋ ᠪᠣᠯᠣᠨ ᠲᠡᠭᠦᠨ ᠤ ᠬᠠᠳᠤᠨ ᠯᠸᠶᠢᠴᠢᠶᠧᠷ ᠢ ᠤᠭᠲᠤᠬᠤ ᠶᠣᠰᠣᠯᠠᠯ ᠶᠠᠪᠤᠭᠤᠯᠪᠠ᠃ | ᠷᠦᠲ᠋ᠤ᠋ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ ᠷᠦᠲ᠋ᠤ᠋ ᠲᠠᠢ ᠬᠠᠮᠲᠤ | ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠧᠨᠢᠶᠠ ᠬᠤᠶᠠᠷ ᠤᠯᠤᠰ ᠤᠨ ᠰᠦᠯᠳᠡ ᠳᠠᠭᠤᠤ ᠶᠢ | ᠬᠥᠭᠵᠢᠮᠳᠡᠵᠦ᠂ ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠷᠦᠲ᠋ᠤ᠋ ᠰᠢ ᠶᠢᠨ ᠫᠢᠩ ᠤᠨ ᠪᠠᠷ᠎ᠠ | ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ | ᠲᠢᠩᠬᠢᠮ ᠳᠤ ᠷᠦᠲ᠋ᠤ᠋ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |