︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤ 2022 — 2025 ᠣᠨ ᠤ ᠲᠠᠩᠰᠠ ᠡᠪᠬᠡᠮᠡᠯ ᠢ | ᠭᠥᠯᠢᠶᠡᠨ ᠠᠪᠬᠤ ᠠᠵᠢᠯ ᠤᠨ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠯᠵᠢᠭᠦᠯᠦᠨ ᠲᠤᠰᠢᠶᠠᠬᠤ ᠠᠵᠢᠯ ᠤᠨ | ᠪᠠᠷᠢᠮᠵᠢᠶᠠᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤ | ᠲᠤᠬᠠᠶᠢᠯᠠᠭᠰᠠᠨ ᠠᠵᠢᠯ ᠤᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠤᠷᠢᠵᠤ᠂ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠩᠰᠠ ᠡᠪᠬᠡᠮᠡᠯ ᠢ ᠵᠢᠷᠤᠮᠵᠢᠭᠤᠯᠤᠨ ᠡᠮᠬᠢᠯᠡᠬᠦ ᠵᠢᠴᠢ ᠳ᠋ᠢᠭᠢᠲᠴᠢᠯᠡᠭᠰᠡᠨ ᠦᠷ᠎ᠡ ᠪᠦᠲᠦᠭᠡᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠴᠢᠭᠯᠡᠭᠦᠯᠦᠨ ᠲᠤᠰᠬᠠᠶ ᠵᠢᠯᠣᠭᠤᠳᠣᠯᠭ᠎ᠠ ᠬᠢᠵᠦ᠂ ᠪᠥᠬᠦ ᠲᠢᠩᠬᠢᠮ ᠤᠨ ᠲᠠᠩᠰᠠ ᠡᠪᠬᠡᠮᠡᠯ ᠢ ᠤᠷᠤᠭᠰᠢᠲᠠᠶ ᠪᠠᠷ ᠰᠢᠯᠵᠢᠭᠦᠯᠦᠨ ᠲᠤᠰᠢᠶᠠᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠩᠰᠠ ᠡᠪᠬᠡᠮᠡᠯ ᠤᠨ ᠳ᠋ᠢᠭᠢᠲᠴᠢᠯᠡᠭᠰᠡᠨ ᠠᠵᠢᠯ ᠤᠨ ᠲᠤᠬᠠᠶ ᠶᠢᠨ ᠲᠠᠯᠠᠪᠠᠶ ᠶᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠲᠠᠩᠰᠠ ᠡᠪᠬᠡᠮᠡᠯ ᠢ ᠡᠮᠬᠢᠯᠡᠬᠦ ᠪᠠᠶᠢᠳᠠᠯ᠂ ᠲᠡᠮᠳᠡᠭᠯᠡᠭᠰᠡᠨ ᠵᠤᠷᠪᠤᠰ ᠤᠨ ᠮᠡᠳᠡᠭᠡ ᠵᠠᠩᠭᠢ᠂ ᠳ᠋ᠢᠭᠢᠲᠴᠢᠯᠡᠭᠰᠡᠨ ᠰᠢᠷᠪᠢᠯᠲᠡ ᠶᠢᠨ ᠵᠢᠷᠤᠭ | ᠵᠡᠷᠭᠡ ᠶᠢ ᠲᠣᠬᠢᠶᠠᠯᠳᠤᠯ ᠢᠶᠠᠷ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠨᠢ ᠲᠠᠩᠰᠠ ᠡᠪᠬᠡᠮᠡᠯ ᠤᠨ ᠲᠥᠷᠥᠯ ᠠᠩᠭᠢᠯᠠᠯ᠂ ᠲᠠᠩᠰᠠ ᠡᠪᠬᠡᠮᠡᠯ ᠤᠨ ᠳ᠋ᠢᠭᠢᠲᠴᠢᠯᠡᠭᠰᠡᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠣᠷᠳᠣᠨ ᠳᠤ | ᠰᠢᠯᠵᠢᠭᠦᠯᠦᠨ ᠲᠤᠰᠢᠶᠠᠬᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠬᠢᠭᠡᠳ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠩᠰᠠ ᠡᠪᠬᠡᠮᠡᠯ ᠤᠨ ᠲᠠᠩᠰᠠ ᠡᠪᠬᠡᠮᠡᠯ ᠢ ᠵᠢᠭᠰᠠᠭᠠᠵᠤ᠂ ᠲᠠᠩᠰᠠ ᠡᠪᠬᠡᠮᠡᠯ ᠤᠨ ᠳ᠋ᠤᠭᠠᠷ ᠢ ᠨᠠᠶᠢᠷᠠᠭᠤᠯᠤᠨ ᠵᠣᠬᠢᠶᠠᠬᠤ᠂ ᠲᠣᠪᠬᠢᠮᠠᠯᠯᠠᠬᠤ ᠵᠢᠷᠤᠮᠵᠢᠯ | ᠵᠡᠷᠭᠡ ᠨᠡᠶᠢᠲᠡᠴᠢ ᠴᠢᠨᠠᠷᠲᠠᠶ ᠠᠰᠠᠭᠤᠳᠠᠯ ᠤᠨ ᠲᠠᠩᠰᠠ ᠡᠪᠬᠡᠮᠡᠯ ᠢ ᠳᠠᠷᠠᠭᠠᠯᠠᠨ ᠲᠣᠰ ᠲᠣᠰ ᠵᠠᠳᠠᠯᠵᠤ᠂ ᠵᠢᠯᠣᠭᠤᠳᠬᠤ ᠴᠢᠨᠠᠷᠲᠠᠶ ᠰᠠᠨᠠᠯ ᠳᠤᠷᠠᠳᠴᠤ᠂ ᠳᠠᠩᠰᠠ | ᠡᠪᠬᠡᠮᠡᠯ ᠪᠠᠶᠢᠭᠤᠯᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠲᠠᠩᠰᠠ ᠡᠪᠬᠡᠮᠡᠯ ᠤᠨ ᠳ᠋ᠤᠭᠠᠷ ᠢ ᠨᠡᠷᠡᠶᠢᠳᠬᠦ ᠠᠷᠭ᠎ᠠ ᠬᠡᠯᠪᠡᠷᠢ ᠶᠢ ᠵᠢᠷᠤᠮᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠵᠢᠯᠣᠭᠤᠳᠬᠤ ᠰᠠᠨᠠᠯ ᠶᠣᠰᠣᠭᠠᠷ᠂ ᠨᠢᠭᠡᠳ ᠨᠢᠭᠡ ᠪᠠᠷ ᠴᠡᠭᠴᠡᠯᠡᠨ | ᠰᠠᠶᠢᠵᠢᠷᠠᠭᠤᠯᠵᠤ ᠲᠡᠭᠦᠯᠳᠡᠷᠵᠢᠭᠦᠯᠦᠨ᠂ ︽ᠴᠠᠭᠠᠰᠤᠨ ᠲᠠᠩᠰᠠ ᠡᠪᠬᠡᠮᠡᠯ ᠤᠨ ᠳ᠋ᠢᠭᠢᠲᠴᠢᠯᠡᠭᠰᠡᠨ ᠵᠢᠷᠤᠮᠵᠢᠯ︾᠂ ︽ᠲᠠᠩᠰᠠ ᠡᠪᠬᠡᠮᠡᠯ ᠢ ᠨᠠᠶᠢᠷᠠᠭᠤᠯᠤᠨ ᠵᠣᠬᠢᠶᠠᠬᠤ | ᠲᠦᠷᠢᠮ︾ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠩᠰᠠ ᠡᠪᠬᠡᠮᠡᠯ ᠤᠨ ᠲᠠᠩᠰᠠ ᠡᠪᠬᠡᠮᠡᠯ ᠢ ᠨᠠᠶᠢᠷᠠᠭᠤᠯᠤᠨ ᠵᠣᠬᠢᠶᠠᠬᠤ ᠶᠢ ᠵᠢᠷᠤᠮᠵᠢᠭᠤᠯᠵᠤ᠂ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠶᠢᠨ ᠵᠢᠷᠤᠮᠵᠢᠯᠳᠤ ᠴᠢᠨᠠᠷ | ᠪᠠ ᠴᠢᠩᠭ᠎ᠠ ᠨᠢᠮᠪᠠᠶ ᠴᠢᠨᠠᠷ ᠢ ᠴᠢᠩᠭᠠᠷᠠᠭᠤᠯᠤᠨ᠂ ᠲᠠᠩᠰᠠ ᠡᠪᠬᠡᠮᠡᠯ ᠢ ᠣᠷᠳᠣᠨ ᠳᠤ ᠰᠢᠯᠵᠢᠭᠦᠯᠦᠨ ᠲᠤᠰᠢᠶᠠᠬᠤ ᠠᠵᠢᠯ ᠢ ᠬᠠᠤᠯᠢ ᠲᠣᠭᠲᠠᠭᠠᠯ ᠶᠣᠰᠣᠭᠠᠷ | ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | |