ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠡᠷᠭᠢᠯᠡᠪᠡ
ᠨᠡᠶᠢᠲᠡᠯᠡᠭᠰᠡᠨ ᠴᠠᠭ᠄
2025/4/25
  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠢᠤᠢ ᠡᠾᠦ᠋ᠢ ᠮᠢᠩ ᠬᠢᠴᠢᠶᠡᠯ ᠣᠷᠣᠪᠠ᠃  ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠬᠤ᠂ ᠰᠢᠨ᠎ᠡ ᠴᠠᠭ ᠦᠶ᠎ᠡ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠤ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠲᠠᠨᠢᠬᠤ᠂ ᠣᠳᠣᠬᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠣᠨᠣᠪᠴᠢᠲᠠᠢ ᠡᠵᠡᠮᠳᠡᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠵᠡᠷᠭᠡ ᠲᠦᠷᠪᠡᠨ ᠲᠠᠯ᠎ᠠ ᠪᠠᠷ ᠪᠦᠬᠦ ᠲᠠᠯ᠎ᠠ ᠪᠠᠷ ᠰᠢᠰᠲ᠋ᠧᠮ ᠲᠠᠢ ᠵᠠᠳᠠᠯᠤᠯᠲᠠ ᠬᠢᠵᠦ᠂ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠰᠠᠶᠢᠵᠢᠷᠠᠭᠤᠯᠬᠤ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠴᠠᠢ᠃  ᠲᠣᠰ ᠤᠳᠠᠭᠠᠨ ᠤ ᠬᠠᠪᠰᠤᠷᠤᠨ ᠵᠢᠯᠣᠭᠤᠳᠬᠤ ᠪᠠᠷ ᠳᠡᠮᠵᠢᠨ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠵᠠᠶᠢᠯᠠᠰᠢ ᠥᠬᠡᠶ ᠴᠢᠨᠠᠷ᠂ ᠲᠤᠯᠭᠠᠮ᠎ᠠ ᠴᠢᠨᠠᠷ ᠢ ᠨᠠᠩ ᠭᠦᠨᠵᠡᠭᠡᠶ ᠣᠶᠢᠯᠠᠭᠠᠪᠠ᠃ ᠤᠯᠠᠨ ᠢᠶᠠᠷ ᠢᠶᠠᠨ᠂ ᠲᠥᠪ ᠤᠨ ᠨᠠᠢᠮᠠᠨ ᠲᠣᠭᠲᠠᠭᠠᠯ ᠪᠣᠯ ᠤᠷᠳᠤ ᠬᠤᠭᠤᠴᠠᠭᠠᠨ ᠤ ᠪᠦᠲᠦᠮᠵᠢᠲᠡᠢ ᠬᠠᠲᠠᠭᠤ ᠶᠣᠰᠣ ᠲᠦᠷᠢᠮ ᠮᠥᠨ᠂ ᠬᠠᠲᠠᠭᠤ ᠪᠠᠷᠢᠮᠵᠢᠶ᠎ᠠ ᠮᠥᠨ ᠪᠣᠯᠬᠤᠷ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠡᠷᠡᠰ ᠡᠰᠡᠷᠭᠦᠴᠡᠨ ᠬᠤᠷᠢᠭᠯᠠᠵᠤ᠂ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠯᠠᠪᠳᠠᠭᠤᠨ ᠪᠠᠲᠤᠲᠠᠶ ᠠᠵᠢᠯ ᠢᠶᠠᠷ ᠪᠥᠬᠦ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ