ᠪᠠᠶᠠᠷ ᠬᠦᠷᠭᠡᠶ᠎ᠡ︕ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠢᠴᠢ ᠰᠡᠭᠦᠳᠡᠷᠯᠡᠭᠰᠡᠨ ᠪᠦᠲᠦᠭᠡᠯ ᠨᠢ ︽ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠬᠤ︾ ᠪᠦᠲᠦᠭᠡᠯᠴᠢ ᠰᠡᠳᠬᠢᠮᠵᠢ ᠶᠢ ᠤᠯᠠᠮᠵᠢᠯᠠᠨ ᠲᠠᠷᠬᠠᠭᠠᠬᠤ ᠣᠯᠠᠨ ᠤᠯᠤᠰ ᠤᠨ ᠤᠷᠤᠯᠳᠤᠭᠠᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯ ᠰᠡᠳᠦᠪᠲᠦ ᠤᠷᠤᠯᠳᠤᠭᠠᠨ ᠤ ᠣᠯᠠᠨ ᠵᠦᠢᠯ ᠤᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2025/4/25
  ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠬᠠᠭᠤᠯᠭ᠎ᠠ ᠬᠥᠮᠦᠵᠢᠯ ᠤᠨ ᠲᠥᠪ ᠬᠢᠭᠡᠳ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ 2024 ︽ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠬᠤ︾ ᠪᠦᠲᠦᠭᠡᠯᠴᠢ ᠰᠡᠳᠬᠢᠮᠵᠢ ᠶᠢ ᠤᠯᠠᠮᠵᠢᠯᠠᠨ ᠲᠠᠷᠬᠠᠭᠠᠬᠤ ᠣᠯᠠᠨ ᠤᠯᠤᠰ ᠤᠨ ᠤᠷᠤᠯᠳᠤᠭᠠᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯ ᠰᠡᠳᠦᠪᠲᠦ ᠤᠷᠤᠯᠳᠤᠭᠠᠨ ︵ᠳᠣᠷᠣᠭᠰᠢ ︽ᠪᠠᠶᠢᠭᠠᠯᠢ ᠶᠢᠨ ᠡᠬᠢ ᠪᠠᠶᠠᠯᠢᠭ ᠤᠨ ᠭᠤᠤᠯ ᠰᠡᠳᠦᠪᠲᠦ ᠤᠷᠤᠯᠳᠤᠭᠠᠨ︾ ᠭᠡᠵᠦ ᠲᠣᠪᠴᠢᠯᠠᠨ᠎ᠠ︶ ᠤ ᠱᠠᠩᠨᠠᠯ ᠣᠯᠤᠭᠰᠠᠨ ᠨᠡᠷᠡᠰ ᠢ ᠨᠡᠶᠢᠲᠡᠯᠡᠪᠡ᠃ ᠮᠠᠰᠢ ᠣᠯᠠᠨ ᠤᠷᠤᠯᠳᠤᠭᠠᠨ ᠳᠤ ᠣᠷᠣᠯᠴᠠᠭᠰᠠᠨ ᠨᠢᠭᠡᠴᠢ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽ᠬᠠᠮᠤᠭ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ︾ ᠢ ᠬᠦᠷᠲᠡᠪᠡ᠃ ᠡᠯᠰᠡᠨ ᠴᠤᠭᠯᠠᠭᠤᠯᠤᠭᠰᠠᠨ 237 ᠤᠷᠠᠨ ᠪᠦᠲᠦᠭᠡᠯ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠰᠡᠭᠦᠳᠡᠷᠯᠡᠭᠰᠡᠨ ︽ᠳᠡᠯᠡᠬᠡᠶ ᠶᠢᠨ ᠪᠥᠮᠪᠥᠷᠴᠡᠭ ᠡᠳᠦᠷ᠄ ᠨᠢᠭᠡ ᠡᠳᠦᠷ ᠤᠨ 24 ᠴᠠᠭ︾᠂ ︽︿ᠭᠠᠵᠠᠷ ᠰᠢᠷᠣᠶ ᠶᠢᠨ ᠥᠯᠢᠭᠡᠷ﹀᠄ ᠵᠢᠯ ᠪᠦᠷᠢ 4000 ᠲᠦᠮᠡᠨ ᠲᠣᠨ ᠥᠪᠥᠷ ᠮᠣᠩᠭᠤᠯ ᠳᠤᠮᠳᠠᠳᠤ ᠤᠯᠤᠰ ᠤᠨ ᠠᠮᠤ ᠪᠤᠳᠠᠭᠠᠨ ᠤ ᠨᠤᠲᠤᠭ ᠳᠡᠪᠢᠰᠬᠡᠷ ᠢ ᠦᠭᠡᠷᠡᠴᠢᠯᠡᠵᠤ ᠪᠤᠢ︾ ᠲᠣᠰ ᠲᠣᠰ ᠪᠦᠲᠦᠭᠡᠯᠴᠢ ᠲᠥᠷᠥᠯ ᠤᠨ ︽ᠬᠤᠶᠠᠳᠤᠭᠠᠷ ᠳᠡᠰ ᠤᠨ ᠱᠠᠩᠨᠠᠯ︾ ᠪᠠ ︽ᠰᠢᠯᠢᠳᠡᠭ ᠱᠠᠩᠨᠠᠯ︾ ᠢ ᠭᠥᠷᠳᠡᠪᠡ︔ ︽ᠭᠠᠵᠠᠷ ᠰᠢᠷᠣᠶ ᠶᠢᠨ ᠥᠯᠢᠭᠡᠷ᠄ ︿ᠵᠢᠵᠢᠭ ᠦᠷ᠎ᠡ﹀ ᠨᠢ ︿ᠶᠡᠭᠡ ᠬᠦᠴᠦᠨ ᠴᠢᠳᠠᠯ ᠢᠶᠠᠨ ᠡᠷᠭᠦᠪᠡ﹀︾ ᠭᠡᠬᠦ ᠪᠣᠳᠠᠲᠤ ᠬᠡᠷᠡᠭ ᠢ ᠲᠡᠮᠳᠡᠭᠯᠡᠬᠦ ᠲᠥᠷᠥᠯ ᠤᠨ ︽ᠰᠢᠯᠢᠳᠡᠭ ᠱᠠᠩᠨᠠᠯ︾ ᠢ ᠭᠥᠷᠳᠡᠪᠡ᠃  ᠪᠠᠶᠢᠭᠠᠯᠢ ᠶᠢᠨ ᠡᠬᠢ ᠪᠠᠶᠠᠯᠢᠭ ᠤᠨ ᠭᠤᠣᠯ ᠰᠡᠳᠦᠪᠲᠦ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠤᠷᠤᠯᠳᠤᠭᠠᠨ ᠳᠤ ᠣᠷᠣᠯᠴᠠᠵᠤ᠂ ᠸᠢᠳᠢᠣ᠋ ᠪᠠᠷ ᠠᠴᠢᠶᠠᠯᠠᠪᠤᠷᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠦᠯᠢᠭᠡᠷ ᠢ ᠤᠯᠠᠨ ᠬᠠᠷᠠᠭᠠᠰᠤ᠂ ᠤᠯᠠᠨ ᠲᠡᠰ ᠳᠠᠪᠬᠤᠷᠭ᠎ᠠ ᠪᠠᠷ ᠶᠠᠷᠢᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠭᠦᠯᠵᠦ᠂ ᠪᠦᠬᠦ ᠨᠡᠶᠢᠭᠡᠮ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠮᠡᠳᠡᠭᠦᠯᠦᠨ ᠬᠦᠷᠭᠡᠭᠰᠡᠨ ᠪᠦᠲᠦᠭᠡᠯ ᠨᠢ ᠥᠪᠡᠷᠮᠢᠴᠡ ᠬᠠᠷᠠᠭᠠᠰᠤ᠂ ᠰᠢᠯᠢᠳᠡᠭ ᠰᠠᠶᠢᠨ ᠦᠢᠯᠡᠳᠬᠦ ᠪᠠ ᠭᠦᠨ ᠭᠦᠨᠵᠡᠭᠡᠶ ᠠᠭᠤᠯᠤᠭᠳᠠᠬᠤᠨ ᠢᠶᠠᠷ ᠳᠠᠮᠵᠢᠭᠤᠯᠤᠨ᠂ ᠥᠩᠭᠡ ᠢᠯᠭᠠᠷᠠᠮ᠎ᠠ ᠦᠵᠡᠭᠳᠡᠯ ᠢᠶᠠᠷ ᠳᠠᠮᠵᠢᠭᠤᠯᠤᠨ᠂ ᠨᠢᠭᠡ ᠳᠡᠯᠭᠡᠴᠡ ᠳᠡᠯᠭᠡᠴᠡ ᠨᠡᠭᠦᠳᠡᠯ ᠤᠨ ᠵᠢᠷᠤᠭ ᠳᠦᠷᠰᠦ ᠪᠠᠷ ᠥᠪᠥᠷ ᠮᠣᠩᠭᠤᠯ ᠤᠨ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ ᠪᠠ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠵᠢᠴᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃  ᠲᠣᠰ ᠤᠳᠠᠭᠠᠨ ᠤ ᠱᠠᠩᠨᠠᠯ ᠣᠯᠤᠭᠰᠠᠨ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠤᠬᠠᠭᠤᠯᠭ᠎ᠠ ᠶᠢᠨ ᠠᠵᠢᠯ ᠢ ᠭᠦᠢᠴᠡᠳ ᠨᠤᠲᠠᠯᠠᠭᠰᠠᠨ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠷᠭᠦᠯᠵᠢᠯᠡᠨ ᠤᠬᠠᠭᠤᠯᠬᠤ ᠠᠷᠭ᠎ᠠ ᠬᠡᠯᠪᠡᠷᠢ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠣᠨᠴᠠᠯᠢᠭ ᠪᠥᠬᠦᠶ ᠬᠢᠯᠠᠰ ᠴᠡᠭ ᠪᠠ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ᠂ ᠣᠯᠠᠨ ᠬᠠᠷᠠᠭᠠᠰᠤ᠂ ᠣᠯᠠᠨ ᠬᠡᠯᠪᠡᠷᠢ ᠪᠠᠷ ᠳᠡᠯᠭᠡᠨ ᠦᠵᠡᠭᠦᠯᠵᠦ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠦᠷ᠎ᠡ ᠪᠦᠲᠦᠮᠵᠢ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠥᠯᠢᠭᠡᠷ ᠢ ᠰᠠᠶᠢᠲᠤᠷ ᠶᠠᠷᠢᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠭᠤᠨ ᠢ ᠰᠠᠶᠢᠲᠤᠷ ᠳᠠᠮᠵᠢᠭᠤᠯᠬᠤ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ