ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠠᠷᠪᠠᠨ ᠶᠡᠭᠡ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/27
  ᠡᠨᠡ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠠ ᠤᠯᠠᠭᠠᠨᠬᠠᠳᠠ ᠬᠤᠲᠠ ᠶᠢᠨ ︽ᠲᠠᠪᠤᠨ ᠪᠠᠶᠢᠷᠢ ᠲᠣᠭᠲᠠᠭᠠᠯᠲᠠ︾ ᠶᠢᠨ ᠲᠣᠭᠤᠷᠢᠨ ᠳᠤ ᠪᠠᠶᠢᠭᠠᠯᠢ ᠶᠢᠨ ᠡᠬᠢ ᠪᠠᠶᠠᠯᠢᠭ ᠤᠨ ︽ᠬᠤᠶᠠᠷ ᠢ ᠨᠢᠭᠡᠳᠬᠡᠬᠦ︾ ᠭᠤᠣᠯ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠦᠷᠭᠦᠯᠵᠢᠯᠡᠨ ᠰᠠᠶᠢᠵᠢᠷᠠᠭᠤᠯᠤᠨ ᠴᠢᠩᠭᠠᠳᠬᠠᠵᠤ᠂ ᠲᠥᠯᠥᠪᠵᠢᠭᠦᠯᠦᠨ ᠬᠠᠮᠢᠶᠠᠷᠤᠨ ᠡᠵᠡᠮᠳᠡᠬᠦ᠂ ᠠᠭᠤᠷᠬᠠᠶ ᠶᠢᠨ ᠦᠢᠯᠡᠰ ᠢ ᠨᠡᠭᠡᠭᠡᠨ ᠬᠥᠭᠵᠢᠭᠦᠯᠬᠦ᠂ ᠡᠬᠢ ᠪᠠᠶᠠᠯᠢᠭ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠲᠠᠢ ᠨᠢᠭᠲᠠ ᠤᠶᠠᠯᠳᠤᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠪᠡ᠃  ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠤᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠵᠠᠶ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠦᠵᠡᠮᠵᠢ ᠶᠢᠨ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠪᠠ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠴᠢᠩᠭᠠᠷᠠᠭᠤᠯᠤᠨ᠂ ᠰᠢᠨ ᠬᠤᠶ ᠬᠤᠲᠠ ᠲᠣᠭᠤᠷᠢᠭ ᠵᠢᠴᠢ ᠪᠠᠶᠢᠭᠤᠯᠤᠯᠳᠦ ᠪᠠᠯᠭᠠᠰᠤ ᠶᠢᠨ ᠨᠠᠷᠢᠨ ᠲᠥᠯᠥᠪᠵᠢᠭᠦᠯᠭᠡ ᠶᠢᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯᠯᠠᠭ᠎ᠠ ᠳᠤ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢᠨ ᠵᠢᠯᠣᠭᠤᠳᠣᠯᠭ᠎ᠠ ᠬᠠᠩᠭᠠᠨ᠎ᠠ︔ ᠭᠠᠵᠠᠷ ᠬᠠᠩᠭᠠᠬᠤ ᠶᠢ ᠡᠵᠡᠮᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠠᠩᠭᠠᠯᠭ᠎ᠠ ᠶᠢ ᠵᠦᠶ ᠵᠣᠬᠢᠰᠲᠠᠶ ᠡᠵᠡᠮᠳᠡᠵᠦ᠂ ᠵᠠᠰᠠᠭ ᠤᠨ ᠣᠷᠳᠣᠨ ᠤ ᠪᠠᠲᠤᠯᠠᠭ᠎ᠠ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠷᠣᠨ ᠰᠠᠭᠤᠴᠠ ᠬᠠᠩᠭᠠᠬᠤ ᠪᠦᠲᠦᠴᠡ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠵᠠᠭᠪᠤᠷ ᠢ ᠠᠩᠬ᠎ᠠ ᠠᠯᠬᠤᠮ   ᠪᠠᠶᠢᠭᠤᠯᠤᠨ᠎ᠠ᠃  ᠡᠬᠢ ᠪᠠᠶᠠᠯᠢᠭ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠶ  ᠥᠷᠨᠢᠭᠦᠯᠦᠨ᠎ᠡ᠃ ᠬᠡᠪᠴᠢᠶ᠎ᠡ ᠶᠢ ᠪᠤᠵᠠᠭᠠᠶᠢᠷᠠᠭᠤᠯᠬᠤ᠂ ᠣᠷᠳᠣ ᠬᠡᠯᠬᠢᠶ᠎ᠡ ᠬᠢᠬᠦ᠂ ᠨᠥᠯᠥᠭᠡ ᠦᠵᠡᠭᠦᠯᠬᠦ ᠶᠢ ᠪᠠᠷᠢᠮᠲᠠᠯᠠᠵᠤ᠂ ︽ᠵᠢᠷᠭᠤᠭᠠᠨ ᠨᠢᠭᠡ ᠪᠦᠯᠦᠭ︾ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠭᠤᠷᠬᠠᠶ ᠶᠢ ᠬᠠᠶᠢᠨ ᠰᠢᠨᠵᠢᠯᠡᠵᠦ ᠨᠥᠭᠡᠴᠡᠯᠡᠬᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠠᠬᠤᠶᠢᠯᠠᠯ ᠢ ᠪᠤᠶᠢᠵᠢᠭᠤᠯᠬᠤ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠬᠦᠴᠦᠯᠡᠵᠦ᠂ 7 ᠠᠭᠤᠷᠬᠠᠶ ᠡᠷᠢᠬᠦ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ 8 ᠡᠮᠬᠢᠯᠡᠨ ᠨᠡᠶᠢᠯᠡᠭᠦᠯᠬᠦ ᠣᠷᠣᠨ ᠤ ᠮᠥᠨ ᠴᠢᠨᠠᠷ ᠤᠨ ᠠᠬᠢᠯᠲᠠ ᠲᠠᠢ ᠪᠣᠯᠬᠤ ᠶᠢ ᠳᠥᠯᠭᠢᠨ ᠠᠬᠢᠭᠤᠯᠵᠤ᠂ ᠡᠯ ᠳ᠋ᠤᠤ ᠭᠧᠦ ᠶᠢᠨ ᠠᠯᠲᠠᠨ ᠤ ᠠᠭᠤᠷᠬᠠᠶ᠂ ᠶᠢᠨ ᠴᠠᠩ ᠭᠧᠤ ᠯᠢᠶᠠᠩ ᠤᠨ ᠠᠯᠲᠠᠨ ᠤ ᠠᠭᠤᠷᠬᠠᠶ ᠵᠡᠷᠭᠡ 5 ᠠᠭᠤᠷᠬᠠᠶ ᠶᠢᠨ ᠠᠵᠤ ᠠᠬᠤᠶᠢᠯᠠᠯ ᠤᠨ ᠭᠦᠨ ᠬᠡᠰᠡᠭ ᠵᠢᠴᠢ ᠭᠠᠳᠠᠷ ᠬᠦᠷᠢᠶ᠎ᠡ ᠶᠢᠨ ᠠᠭᠤᠷᠬᠠᠶ ᠡᠷᠢᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠶᠢ ᠵᠣᠷᠢᠭᠵᠢᠭᠤᠯᠬᠤ ᠶᠢᠨ ᠬᠠᠮᠲᠤ ᠴᠢᠨᠠᠷ ᠰᠠᠶᠢᠲᠠᠶ ᠬᠥᠭᠵᠢᠯᠲᠡ ᠶᠢ ᠨᠥᠯᠥᠭᠡᠯᠡᠬᠦ 15 ︽ᠵᠢᠵᠢᠭ᠂ ᠲᠠᠷᠠᠬᠠᠢ᠂ ᠪᠤᠲᠠᠷᠬᠠᠢ︾ ᠠᠭᠤᠷᠬᠠᠶ ᠶᠢᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠬᠠᠭᠠᠵᠤ ᠵᠣᠭᠰᠣᠭᠠᠨ ᠭᠠᠷᠭᠠᠨ᠎ᠠ᠃  ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠬᠤ᠂ ᠬᠦᠴᠦᠨ ᠵᠦᠢᠯ ᠢ ᠳᠠᠭᠠᠬᠤ᠂ ᠲᠥᠷᠥᠯ ᠵᠦᠢᠯ ᠤᠨ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠢᠮᠠᠭᠲᠠ ᠪᠠᠷᠢᠮᠲᠠᠯᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠷᠥᠯ ᠵᠦᠢᠯ ᠤᠨ ᠭᠠᠵᠠᠷ ᠰᠣᠩᠭᠤᠬᠤ ᠠᠴᠠ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠬᠦᠷᠲᠡᠯᠡᠬᠢ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠬᠤᠷᠳᠤᠴᠠ ᠶᠢ ᠳᠡᠭᠡᠭᠰᠢᠯᠡᠭᠦᠯᠬᠦ ᠳᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠳᠤᠲᠠᠭᠤ ᠶᠢ ᠭᠥᠯᠢᠶᠡᠨ ᠠᠪᠴᠤ  ᠰᠢᠢᠳᠪᠦᠷᠢᠯᠡᠬᠦ︾᠂ ︽ᠨᠡᠶᠢᠯᠡᠭᠦᠯᠦᠨ ᠬᠢᠨᠠᠨ ᠵᠥᠪᠰᠢᠶᠡᠷᠡᠬᠦ︾ ᠶᠢ ᠬᠡᠷᠡᠭᠵᠢᠭᠦᠯᠦᠨ᠂ ᠮᠡᠳᠡᠭᠦᠯᠦᠨ ᠵᠥᠪᠰᠢᠶᠡᠷᠡᠭᠦᠯᠬᠦ ᠶᠠᠪᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ  ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠪᠠᠷᠢᠯᠭ᠎ᠠ ᠶᠢᠨ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠤᠬᠠᠨ ᠬᠤᠰᠢᠭᠤᠨ ᠤ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃  ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠠᠷᠪᠠᠨ ᠶᠡᠭᠡ ᠠᠵᠢᠯᠯᠠᠭ᠎ᠠ︾ ᠶᠢᠨ ᠬᠠᠷᠠᠯᠲᠠ ᠶᠢ ᠴᠢᠩᠭ᠎ᠠ ᠡᠵᠡᠮᠳᠡᠵᠦ᠂ ᠲᠥᠯᠥᠪᠵᠢᠭᠦᠯᠭᠡ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢᠶᠠᠷ ᠲᠤᠯᠭᠠᠭᠤᠷᠢᠯᠠᠯ ᠢ ᠴᠢᠩᠭᠠᠳᠬᠠᠵᠤ᠂ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠵᠤ᠂ ᠡᠯᠧᠮᠧᠨ᠋ᠲ ᠤᠨ ᠪᠠᠲᠤᠯᠠᠭ᠎ᠠ ᠶᠢᠨ ᠳᠠᠬᠢᠨ ᠲᠠᠰ ᠳᠡᠪᠰᠢᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ