ᠬᠡᠮᠵᠢᠨ ᠵᠢᠷᠤᠬᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠬᠡᠮᠵᠢᠨ | ᠵᠢᠷᠤᠬᠤ ᠨᠢᠭᠡᠴᠢ ᠶᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠥᠮᠦᠵᠢᠯ ᠪᠣᠯᠪᠠᠰᠤᠷᠠᠯ ᠢ ᠴᠢᠩᠭᠠᠷᠠᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠳᠤ ᠠᠳᠡᠯ ᠥᠬᠡᠶ ᠪᠠᠶᠢᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 2025 ᠣᠨ ᠳᠤ᠂ | ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯ | ᠥᠬᠡᠶ ᠦᠢᠯᠡᠳᠪᠦᠷᠢᠯᠡᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠨᠡᠶᠢᠲᠡᠯᠡᠭᠰᠡᠨ ᠪᠥᠭᠡᠳ 4 ᠳ᠋ᠦ᠋ᠭᠡᠷ ᠰᠠᠷ᠎ᠠ ᠶᠢᠨ 25 ᠤ ᠡᠳᠦᠷ ᠡᠯ᠎ᠡ ᠬᠤᠰᠢᠭᠤ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠡᠮᠵᠢᠨ ᠵᠢᠷᠤᠬᠤ ᠨᠢᠭᠡᠴᠢ ᠳᠤ ᠬᠡᠮᠵᠢᠨ | ᠵᠢᠷᠤᠬᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠢ ᠪᠠᠶᠢᠴᠠᠭᠠᠬᠤ ᠠᠵᠢᠯ ᠢ ᠥᠷᠨᠢᠭᠦᠯᠪᠡ᠃ | ᠡᠯ᠎ᠡ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ᠂ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ | ᠳᠦᠷᠢᠮ ᠢ ᠨᠢᠭᠡᠨᠲᠡ ᠪᠠᠶᠢᠭᠤᠯᠤᠨ ᠪᠦᠷᠢᠨᠰᠢᠭᠦᠯᠦᠭᠰᠡᠨ ᠡᠰᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠵᠡᠷᠭᠡ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠤᠨ ᠲᠣᠭᠤᠷᠢᠨ ᠳᠤ ᠭᠤᠣᠯᠳᠠᠯᠭ᠎ᠠ ᠲᠠᠢ ᠥᠷᠨᠢᠭᠦᠯᠪᠡ᠃ ᠨᠢᠭᠤᠴᠠ ᠳᠤ ᠬᠤᠯᠪᠣᠭᠳᠠᠭᠰᠠᠨ ᠬᠡᠮᠵᠢᠨ | ᠵᠢᠷᠤᠭᠰᠠᠨ ᠦᠷ᠎ᠡ ᠪᠦᠲᠦᠭᠡᠯ ᠢ ᠬᠠᠳᠠᠭᠠᠯᠠᠬᠤ᠂ ᠬᠡᠷᠡᠭᠯᠡᠬᠦ ᠵᠢᠴᠢ ᠤᠰᠠᠳᠬᠠᠬᠤ ᠶᠠᠪᠤᠴᠠ ᠨᠢ ᠨᠢᠭᠤᠴᠠ ᠶᠢ ᠬᠠᠮᠠᠭᠠᠯᠠᠬᠤ ᠲᠣᠭᠲᠠᠭᠠᠯ ᠳᠤ ᠨᠡᠶᠢᠴᠡᠬᠦ ᠡᠰᠡᠬᠦ ᠶᠢ | ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠬᠤ ᠶᠢᠨ ᠬᠠᠮᠲᠤ ᠠᠪᠴᠤ ᠬᠡᠷᠡᠭᠯᠡᠬᠦ ᠪᠠ ᠡᠬᠡ ᠲᠠᠩᠰᠠ ᠶᠢ | ᠪᠤᠴᠠᠭᠠᠭᠰᠠᠨ ᠲᠡᠮᠳᠡᠭᠯᠡᠯ ᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠬᠡᠭᠡᠷ᠎ᠡ ᠭᠠᠳᠠᠨ᠎ᠠ ᠠᠵᠢᠯᠯᠠᠬᠤ ᠳᠤᠮᠳᠠᠬᠢ ᠠᠶᠤᠯ ᠲᠦᠭᠰᠢᠭᠦᠷᠢ ᠶᠡᠬᠡᠲᠡᠶ ᠭᠤᠭᠴᠤᠭ᠎ᠠ ᠳᠤ | ᠴᠢᠭᠯᠡᠭᠦᠯᠦᠨ᠂ ᠲᠤᠰᠬᠠᠶ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠲᠣᠭᠲᠠᠭᠠᠭᠰᠠᠨ ᠡᠰᠡᠬᠦ ᠶᠢ ᠪᠠᠶᠢᠴᠠᠭᠠᠬᠤ ᠶᠢᠨ ᠬᠠᠮᠲᠤ ᠴᠢᠬᠤᠯᠠ ᠪᠦᠬᠦᠢ ᠰᠡᠷᠭᠡᠶᠢᠯᠡᠨ | ᠬᠠᠮᠠᠭᠠᠯᠠᠬᠤ ᠲᠥᠬᠦᠭᠡᠷᠦᠮᠵᠢ ᠵᠢᠴᠢ ᠡᠮ ᠤᠨ ᠵᠦᠢᠯ ᠢ ᠲᠣᠬᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠬᠡᠮᠵᠢᠨ ᠵᠢᠷᠤᠬᠤ ᠵᠢᠴᠢ ᠭᠠᠯ | ᠤᠨᠲᠠᠷᠠᠭᠠᠬᠤ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠲᠥᠬᠦᠭᠡᠷᠦᠮᠵᠢ ᠶᠢᠨ ᠠᠵᠢᠯᠯᠠᠭᠠᠨ ᠤ ᠠᠮᠤᠷ | ᠲᠦᠪᠰᠢᠨ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠢᠯᠠᠩᠭᠤᠶ᠎ᠠ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠪᠣᠯᠤᠨ ᠰᠢᠯᠵᠢᠮᠡᠯ ᠬᠠᠳᠠᠭᠠᠯᠠᠬᠤ | ᠵᠠᠭᠤᠴᠢ ᠶᠢᠨ ᠬᠠᠮᠢᠶᠠᠷᠤᠯᠲᠠ ᠶᠢ ᠬᠠᠮᠢᠶ᠎ᠠ ᠪᠥᠬᠦᠶ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠦᠨ᠎ᠡ᠃ | ᠲᠣᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ | ᠳᠤᠭᠤᠶᠢᠯᠠᠩ ᠬᠠᠮᠢᠶ᠎ᠠ ᠪᠥᠬᠦᠶ ᠨᠢᠭᠡᠴᠢ ᠶᠢ ︽ᠮᠡᠳᠡᠮᠡᠭᠴᠡ ᠥᠭᠡᠷᠡᠴᠢᠯᠡᠬᠦ︾ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠪᠣᠳᠠᠲᠠᠶ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭᠠᠲᠠᠨ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶ ᠲᠣᠭᠲᠠᠭᠠᠪᠠ᠃ ᠲᠣᠰ ᠤᠳᠠᠭᠠᠨ ᠤ ᠬᠡᠮᠵᠢᠨ ᠵᠢᠷᠤᠬᠤ ᠠᠵᠢᠯ ᠲᠥᠷᠥᠯ ᠤᠨ | ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠨᠢ ᠡᠯ᠎ᠡ ᠨᠢᠭᠡᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠦᠨᠡᠨ ᠬᠦ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠡᠮᠵᠢᠨ ᠵᠢᠷᠤᠬᠤ ᠠᠵᠢᠯ ᠲᠥᠷᠥᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ | ᠳᠦᠷᠢᠮᠵᠢᠯᠲᠡ ᠪᠠ ᠵᠢᠷᠤᠮᠵᠢᠭᠤᠯᠤᠯᠲᠠ ᠶᠢ ᠠᠬᠢᠭᠤᠯᠵᠤ᠂ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | |