ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠵᠡᠷᠭᠡ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/28
  ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠤᠨ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ ︶ ︾ ᠶᠢ ᠶᠠᠷᠢᠯᠴᠠᠵᠤ᠂ ᠵᠧᠵᠢᠶᠠᠩ ᠤᠨ ᠰᠠᠨ ᠮᠧᠨ ᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ ᠲᠣᠭᠲᠠᠪᠠ᠃  ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠢ ᠣᠨᠣᠪᠴᠢᠲᠠᠢ ᠪᠠᠷ ᠂ ᠰᠢᠨᠵᠢᠯᠡᠬᠦ ᠤᠬᠠᠭᠠᠨᠴᠢ ᠪᠠᠷ ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠵᠦ ᠂ ᠴᠢᠬᠤᠯᠠ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠥᠷᠭᠡᠨ ᠶᠡᠭᠡ ᠭᠤᠣᠯ ᠮᠥᠷᠡᠨ᠂ ᠴᠢᠬᠤᠯᠠ ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ᠂ ᠬᠢᠨᠠᠨ ᠰᠢᠨᠵᠢᠬᠦ ᠪᠠ ᠡᠬᠢ ᠡᠭᠦᠰᠦᠯ ᠢ ᠨᠢ ᠡᠷᠢᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ᠂ ᠠᠮᠢᠳᠤᠷᠠᠯ ᠤᠨ ᠪᠣᠬᠢᠷ ᠤᠰᠤ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ ᠪᠥᠭᠯᠡᠬᠦ ᠶᠢ ᠨᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ ᠂ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢ ᠳᠡᠮᠵᠢᠵᠦ᠂ ᠪᠦᠬᠦ ᠠᠷᠠᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠬᠤ ᠨᠢ ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ᠂ ᠭᠡᠷ ᠪᠦᠯᠢ ᠶᠢᠨ ᠬᠢᠨ ᠤ ᠡᠶ᠎ᠡ ᠵᠣᠬᠢᠴᠠᠯ ᠵᠣᠯ ᠵᠢᠷᠭᠠᠯ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ ᠬᠤᠯᠪᠣᠭᠳᠠᠨ᠎ᠠ᠃ ᠬᠡᠦᠬᠡᠳ ᠢ ᠤᠷᠢᠳ ᠢᠶᠠᠷ ᠬᠥᠭᠵᠢᠭᠦᠯᠬᠦ ᠪᠠ ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠡᠪᠦᠷᠯᠡᠨ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠣᠷᠨᠢᠨ ᠪᠣᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ ᠬᠡᠷᠡᠭᠲᠡᠢ᠃ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠶᠢ ᠦᠨᠳᠦᠰᠦᠯᠡᠨ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠠᠮᠢ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠬᠢᠵᠢᠭᠦᠯᠵᠦ ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠴᠢᠨᠠᠷ᠂ ᠪᠠᠷᠠᠯᠠᠯᠲᠤ ᠴᠢᠨᠠᠷ ᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ᠂ ᠡᠬᠡ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠡᠨᠡ ᠬᠦ ᠬᠠᠤᠯᠢ ᠲᠣᠭᠲᠠᠭᠠᠯᠲᠠ ᠪᠠᠷ ᠲᠣᠬᠢᠶᠠᠯ ᠪᠣᠯᠭᠠᠵᠤ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠠᠷᠠᠳ ᠤᠯᠠᠨ ᠤ ᠡᠪᠡᠳᠴᠢᠯᠡᠪᠡᠯ ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠᠯ ᠢᠶᠠᠷ ᠣᠨᠣᠰᠢᠯᠠᠨ ᠡᠮᠨᠡᠬᠦ᠂ ᠬᠤᠳᠠᠯ ᠢᠶᠠᠷ ᠡᠮ ᠬᠤᠳᠠᠯᠳᠤᠨ ᠠᠪᠬᠤ ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ ᠪᠠ ᠤᠯᠠᠨ ᠲᠦᠮᠡᠨ ᠤ ᠬᠠᠤᠯᠢ ᠶᠢ ᠵᠢᠷᠤᠮᠯᠠᠨ ᠰᠠᠬᠢᠬᠤ ᠤᠬᠠᠮᠰᠠᠷ ᠢ ᠨᠢ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ ᠲᠦᠪᠰᠢᠨ ᠢ ᠡᠷᠬᠡᠪᠰᠢ ᠲᠤᠩ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃  
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ