ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/28
  4 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠰᠠᠨ ᠪᠥᠭᠡᠳ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠲᠤᠬᠠᠶ ᠶᠠᠷᠢᠯᠴᠠᠨ ᠰᠣᠯᠢᠯᠴᠠᠪᠠ᠃  ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠠᠵᠢᠯᠯᠠᠬᠤ ᠳᠤᠭᠤᠶᠢᠯᠠᠩ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠡᠨᠧᠷᠭᠢ ᠶᠢᠨ ᠬᠤᠷᠣᠭᠳᠠᠯ ᠢ ᠬᠡᠮᠵᠢᠨ ᠬᠢᠨᠠᠨ ᠬᠡᠮᠵᠢᠬᠦ ᠲᠠᠪᠴᠠᠩ᠂ ᠰᠢᠭᠤᠳ ᠤᠤᠭᠤᠬᠤ ᠤᠰᠤ ᠶᠢ ᠱᠦᠭᠦᠵᠦ ᠳᠠᠬᠢᠨ ᠠᠰᠢᠭᠯᠠᠬᠤ ᠰᠢᠰᠲ᠋ᠧᠮ᠂ ᠤᠶᠤᠨᠴᠢ ᠬᠤᠭ ᠨᠣᠪᠰᠢ ᠶᠢ ᠲᠥᠷᠥᠯ ᠬᠤᠪᠢᠶᠠᠬᠤ ᠥᠷᠲᠡᠭᠡ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠢᠴᠢ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃  ᠶᠠᠷᠢᠯᠴᠠᠬᠤ ᠬᠤᠷᠠᠯ ᠳᠡᠭᠡᠷ᠎ᠡ᠂ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠲᠢᠩᠬᠢᠮ ᠤᠨ ᠪᠠᠶᠢᠭᠤᠯᠭ᠎ᠠ ᠶᠢᠨ ᠡᠨᠧᠷᠭᠢ ᠠᠷᠪᠢᠯᠠᠬᠤ ᠠᠵᠢᠯ ᠤᠨ ᠠᠬᠢᠴᠠ ᠶᠢᠨ ᠦᠷ᠎ᠡ ᠪᠦᠲᠦᠭᠡᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠠᠵᠢᠯᠯᠠᠬᠤ ᠳᠤᠭᠤᠶᠢᠯᠠᠩ ᠣᠶᠢᠷ᠎ᠠ ᠶᠢᠨ ᠵᠢᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠭᠦᠢᠴᠡᠳ ᠨᠤᠲᠠᠯᠠᠵᠤ᠂ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠳᠤ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠬᠤ ᠶᠢᠨ ᠬᠠᠮᠲᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠰᠢᠨ᠎ᠡ ᠡᠨᠧᠷᠭᠢ ᠶᠢᠨ ᠮᠡᠷᠭᠡᠵᠢᠯ ᠤᠨ ᠬᠠᠮᠲᠤᠷᠠᠯᠴᠠᠭᠠᠨ ᠤ ᠬᠠᠮᠢᠶᠠᠷᠤᠯᠲᠠ ᠶᠢᠨ ᠵᠠᠭᠪᠤᠷ ᠪᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠠᠯ᠎ᠠ ᠪᠠᠷ ᠲᠥᠷᠥᠯ ᠵᠦᠢᠯ ᠤᠨ ᠳᠡᠮᠵᠢᠯᠭᠡ ᠪᠠ ᠪᠠᠯᠠ ᠮᠥᠩᠭᠦ ᠶᠢᠨ ᠬᠡᠯᠪᠠᠶᠢᠯᠲᠡ ᠶᠢ ᠢᠳᠡᠪᠬᠢᠲᠡᠶ ᠴᠤᠤᠷᠢᠶᠠᠲᠤᠭᠤᠯᠤᠨ᠎ᠠ ᠭᠡᠵᠦ ᠭᠤᠤᠯᠳᠠᠯᠭ᠎ᠠ ᠲᠠᠢ ᠢᠯᠡᠷᠬᠡᠶᠢᠯᠡᠪᠡ᠃  ᠲᠠᠷᠠᠭᠠᠴᠢ ᠶᠢᠨ ᠠᠯᠬᠤᠮ ᠳᠤ᠂ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠳᠡᠭᠡᠳᠦ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠲᠢᠩᠬᠢᠮ ᠤᠨ ᠪᠠᠶᠢᠭᠤᠯᠭ᠎ᠠ ᠶᠢᠨ ᠪᠣᠷᠣᠭᠠᠨ ᠤ ᠤᠰᠤ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ᠂ ᠪᠤᠬᠢᠷᠳᠤᠯ ᠦᠭᠡᠢ ᠴᠠᠬᠢᠯᠭᠠᠨ ᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠵᠡᠷᠭᠡ ᠡᠨᠧᠷᠭᠢ ᠠᠷᠪᠢᠯᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ