ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ ᠲᠣᠪᠴᠢᠶ᠎ᠠ ︽ᠨᠢᠭᠡᠳᠦᠭᠡᠷ ᠹᠷᠣᠨᠲ ᠲᠤ ᠪᠣᠭᠤᠮᠲᠠ ᠰᠢᠪᠲᠤᠯᠬᠤ︾ ᠬᠦᠴᠢᠷ ᠠᠰᠠᠭᠤᠳᠠᠯ ᠢ ᠡᠪᠳᠡᠨ ᠠᠮᠢ ᠠᠬᠤᠶ ᠶᠢ ᠰᠡᠷᠭᠦᠭᠡᠬᠦ ᠪᠠ ᠠᠮᠤᠷ ᠲᠦᠪᠰᠢᠨ ᠢ ᠵᠠᠰᠠᠬᠤ ᠬᠤᠤᠰ ᠴᠢᠭᠯᠡᠯ ᠢᠶᠠᠷ ᠬᠦᠴᠦᠯᠡᠪᠡ
ᠨᠡᠶᠢᠲᠡᠯᠡᠭᠰᠡᠨ ᠴᠠᠭ᠄
2025/4/28
  ᠠᠮᠢ ᠠᠬᠤᠢ ᠶᠢᠨ ᠰᠡᠷᠭᠦᠭᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠠᠴᠠ ᠨᠠᠭᠠᠰᠢ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ᠂ ᠠᠮᠢ ᠠᠬᠤᠢ ᠶᠢᠨ ᠣᠷᠴᠢᠨ ᠲᠣᠭᠤᠷᠢᠨ ᠪᠠ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠶᠠᠩ ᠭᠧ ᠯᠢᠶᠠᠩ ᠴᠠᠩ ᠶᠤᠸᠠᠢ ᠨᠡᠭᠦᠷᠡᠰᠦᠨ ᠠᠭᠤᠷᠬᠠᠢ᠂ ᠫᠢᠩ ᠳ᠋ᠢᠩ ᠱᠠᠨ ᠤ ᠵᠠᠳᠠᠭᠠᠢ ᠨᠡᠭᠦᠷᠡᠰᠦᠨ ᠠᠭᠤᠷᠬᠠᠢ ᠶᠢ ᠰᠡᠷᠭᠦᠭᠡᠨ ᠵᠠᠰᠠᠬᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ︽ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠬᠤ + ᠲᠤᠬᠠᠢ ᠶᠢᠨ ᠭᠠᠵᠠᠷ ᠲᠤᠨᠢ ᠠᠵᠢᠯᠯᠠᠬᠤ︾ ᠠᠵᠢᠯ ᠢ ᠥᠷᠨᠢᠭᠦᠯᠵᠦ᠂ ᠠᠮᠢ ᠠᠬᠤᠢ ᠶᠢ ᠰᠡᠷᠭᠦᠭᠡᠬᠦ ᠪᠠ ᠠᠶᠤᠯ ᠦᠭᠡᠢ ᠦᠢᠯᠡᠳᠪᠦᠷᠢᠯᠡᠯ ᠤᠨ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠢᠩᠭ᠎ᠠ ᠠᠳᠬᠤᠬᠤ︾ ᠶᠢ ᠦᠨᠡᠨ ᠬᠦ ᠪᠠᠲᠤᠯᠠᠵᠤ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠪᠠ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠣᠯᠭᠠᠪᠠ᠃  ᠲᠦᠭᠵᠢᠷᠡᠯ ᠴᠡᠭ ᠢ ᠴᠢᠩᠭ᠎ᠠ ᠠᠩᠬᠠᠷᠴᠤ ︽ᠰᠤᠳᠠᠯ ᠪᠠᠷᠢᠵᠤ ᠵᠣᠷ ᠪᠢᠴᠢᠬᠦ︾᠃ ᠶᠠᠩ ᠭᠧ ᠯᠧᠩ ᠴᠠᠩ ᠶᠤᠸᠠᠢ ᠨᠡᠭᠦᠷᠡᠰᠦᠨ ᠠᠭᠤᠷᠬᠠᠢ ᠶᠢᠨ ᠵᠠᠰᠠᠨ ᠰᠡᠷᠭᠦᠭᠡᠬᠦ ᠣᠷᠣᠨ ᠤ ᠰᠢᠷᠣᠢ ᠭᠠᠳᠠᠭᠰᠢᠯᠠᠭᠤᠯᠬᠤ ᠲᠠᠯᠠᠪᠠᠢ ᠶᠢ ᠴᠡᠭᠴᠡᠯᠡᠨ ᠵᠠᠰᠠᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠭᠡᠭᠦᠯᠦᠨ ᠪᠥᠭᠯᠡᠬᠦ ᠵᠡᠷᠭᠡ ᠵᠠᠰᠠᠨ ᠰᠡᠷᠭᠦᠭᠡᠬᠦ ᠢᠨᠵᠧᠨᠧᠷᠢᠩ ᠤᠨ ᠵᠠᠩᠭᠢᠯᠠᠭ᠎ᠠ ᠶᠢᠨ ᠴᠡᠭ ᠢᠶᠠᠷ ᠭᠦᠨᠵᠡᠭᠡᠶᠢᠷᠡᠵᠦ᠂ ᠪᠠᠷᠢᠯᠭ᠎ᠠ ᠶᠢᠨ ᠠᠬᠢᠴᠠ ᠶᠢ ᠨᠢᠭᠡᠳ ᠨᠢᠭᠡ ᠪᠠᠷ ᠬᠢᠨᠠᠨ ᠪᠠᠶᠢᠴᠠᠭᠠᠪᠠ᠃ ᠠᠵᠤ ᠠᠬᠤᠶᠢᠯᠠᠯ ᠤᠨ ᠲᠤᠰᠬᠠᠭᠰᠠᠨ ᠲᠣᠰᠬᠤᠨ ᠤ ᠠᠷᠠᠳ ᠤᠨ ᠪᠠᠷᠢᠯᠭ᠎ᠠ ᠶᠢ ᠰᠡᠷᠭᠦᠭᠡᠨ ᠵᠠᠰᠠᠬᠤ ᠠᠵᠢᠯ ᠤᠨ ᠠᠬᠢᠴᠠ ᠶᠢ ᠤᠳᠠᠭᠠᠨ ᠪᠠᠶᠢᠯᠭᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠭᠠᠵᠠᠷ ᠲᠤᠨᠢ ᠲᠣᠬᠢᠷᠠᠭᠤᠯᠵᠤ᠂ ᠨᠢᠭᠡᠳ ᠨᠢᠭᠡ ᠪᠠᠷ ᠵᠠᠳᠠᠯᠤᠨ ᠰᠤᠳᠤᠯᠵᠤ ᠮᠠᠭᠠᠳᠯᠠᠵᠤ᠂ ᠬᠠᠷᠢᠭᠤᠴᠠᠯᠭᠠᠲᠠᠨ ᠪᠠ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠰᠢᠢᠳᠪᠦᠷᠢᠯᠡᠬᠦ ᠲᠥᠰᠦᠯ ᠳᠤᠷᠠᠳᠴᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠮᠢ ᠠᠬᠤᠶ ᠶᠢ ᠰᠡᠷᠭᠦᠭᠡᠬᠦ ᠠᠵᠢᠯ ᠤᠨ ᠤᠷᠤᠭᠰᠢᠲᠠᠶ ᠠᠭᠢᠬᠤ ᠶᠢ ᠪᠠᠲᠤᠯᠠᠨ᠂ ᠰᠡᠷᠭᠦᠭᠡᠨ ᠵᠠᠰᠠᠬᠤ ᠶᠠᠰᠤ ᠴᠢᠨᠠᠷ ᠪᠠ ᠬᠦᠴᠦᠨ ᠲᠠᠢ ᠬᠤᠭᠤᠴᠠᠭ᠎ᠠ ᠶᠢᠨ ︽ᠬᠤᠣᠰ ᠪᠠᠷᠢᠮᠵᠢᠶ᠎ᠠ ᠳᠤ ᠬᠦᠷᠬᠦ︾ ᠶᠢ ᠦᠨᠡᠨ ᠬᠦ ᠪᠠᠲᠤᠯᠠᠪᠠ᠃  ᠠᠮᠤᠷ ᠲᠦᠪᠰᠢᠨ ᠢ ᠴᠢᠩᠭ᠎ᠠ ᠰᠠᠬᠢᠵᠤ᠂ ︽ᠬᠤᠷᠢᠭ᠎ᠠ ᠱᠤᠭᠤᠮ ᠢ ᠪᠠᠲᠤ ᠴᠣᠭᠴᠠᠯᠠᠬᠤ︾ ᠬᠡᠷᠡᠭᠲᠡᠶ᠃ ᠫᠢᠩ ᠳ᠋ᠢᠩ ᠱᠠᠨ ᠵᠠᠳᠠᠭᠠᠢ ᠨᠡᠭᠦᠷᠡᠰᠦᠨ ᠠᠭᠤᠷᠬᠠᠢ ᠶᠢ ᠰᠡᠯᠪᠢᠨ ᠵᠠᠰᠠᠬᠤ ᠲᠤᠬᠠᠢ ᠶᠢᠨ ᠲᠠᠯᠠᠪᠠᠢ ᠶᠢᠨ ᠥᠨᠳᠥᠷ ᠡᠭᠴᠡ ᠬᠠᠵᠠᠭᠤ ᠶᠢᠨ ᠬᠥᠲᠥᠯ ᠢ ᠰᠡᠷᠭᠡᠶᠢᠯᠡᠨ ᠬᠠᠮᠠᠭᠠᠯᠠᠬᠤ ᠵᠡᠷᠭᠡ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭᠠᠨ ᠤ ᠲᠤᠰᠬᠠᠢ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠦᠶᠡᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠦᠬᠦ ᠦᠶᠡᠯᠡᠯ ᠤᠨ ᠬᠤᠭᠤᠴᠠᠭᠠᠨ ᠳᠤ ᠴᠢᠩᠭᠠᠳᠬᠠᠵᠤ᠂ ᠣᠷᠣᠨ ᠪᠦᠰᠡ ᠶᠢᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃  ︽ᠵᠢᠷᠤᠭ ᠡᠯᠭᠦᠨ ᠪᠠᠶᠢᠯᠳᠤᠬᠤ︾ ᠶᠢ ᠲᠦᠷᠭᠡᠳᠭᠡᠬᠦ ᠬᠡᠷᠡᠭᠲᠡᠢ᠃ ᠳ᠋ᠦᠩ ᠾᠧ ᠲᠣᠭᠤᠷᠢᠭ ᠤᠨ 2025 ᠣᠨ ᠤ ᠴᠡᠭᠴᠡᠯᠡᠨ ᠵᠠᠰᠠᠬᠤ ᠡᠭᠦᠷᠭᠡ 36 ᠾᠧᠺᠲ᠋ᠠᠷ᠂ ᠰᠡᠷᠭᠦᠭᠡᠨ ᠵᠠᠰᠠᠬᠤ ᠴᠠᠭ ᠪᠠᠴᠢᠮ᠂ ᠡᠭᠦᠷᠭᠡ ᠬᠦᠨᠳᠦ᠂ ᠬᠠᠷᠢᠶ᠎ᠠ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ ᠬᠢᠭᠡᠳ ᠰᠡᠷᠭᠦᠭᠡᠨ ᠵᠠᠰᠠᠬᠤ ᠠᠵᠤ ᠠᠬᠤᠶᠢᠯᠠᠯ ᠲᠠᠢ ᠬᠠᠮᠵᠢᠯᠴᠠᠨ᠂ ᠠᠶᠠᠨᠳᠠᠭᠠᠨ ᠰᠡᠷᠭᠦᠭᠡᠬᠦ ᠲᠥᠷᠥᠯ ᠪᠠ ᠬᠡᠯᠪᠡᠷᠢ ᠪᠠᠨ ᠬᠤᠪᠢᠷᠠᠭᠤᠯᠤᠨ ᠠᠰᠢᠭᠯᠠᠬᠤ ᠲᠥᠷᠥᠯ ᠵᠦᠢᠯ ᠢ ᠢᠳᠡᠪᠬᠢᠲᠡᠶ ᠴᠤᠭᠯᠠᠭᠤᠯᠬᠤ ᠪᠠᠷ ᠳᠠᠮᠵᠢᠭᠤᠯᠤᠨ᠂ ᠳ᠋ᠦᠩ ᠾᠧ ᠲᠣᠭᠤᠷᠢᠭ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠵᠡᠷᠭᠡ ᠬᠦᠴᠦᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ 2025 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠨ ᠬᠠᠰᠤᠵᠤ ᠠᠷᠢᠯᠭᠠᠬᠤ ᠪᠠᠷ ᠴᠢᠷᠮᠠᠶᠢᠵᠤ᠂ ᠳ᠋ᠦᠩ ᠾᠧ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ 
ᠢᠷᠡᠯᠲᠡ᠄ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ