ᠣᠶᠢᠷ᠎ᠠ ᠶᠢᠨ ᠵᠢᠯ ᠤᠨ ᠲᠤᠷᠰᠢ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠢᠮᠠᠭᠲᠠ ᠴᠢᠬᠤᠯᠠ ᠡᠭᠦᠷᠭᠡ ᠪᠣᠯᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠠᠰᠢᠭᠲᠠᠶ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠢᠯᠡ | ᠠᠵᠢᠯᠯᠠᠭ᠎ᠠ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠠᠷᠢᠶᠠᠯᠠᠩ ᠤᠨ | ᠪᠤᠰᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ᠂ ᠣᠶᠢᠵᠢᠭᠤᠯᠵᠤ ᠡᠪᠡᠰᠦ ᠳᠠᠷᠢᠬᠤ ᠵᠡᠷᠭᠡ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠦᠢᠯᠡ ᠠᠵᠢᠯᠯᠠᠭ᠎ᠠ ᠶᠢ ᠪᠦᠬᠦᠨ ᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠵᠤ᠂ ᠨᠢᠭᠡᠨᠲᠡ ᠨᠥᠬᠦᠵᠦ ᠡᠵᠡᠯᠡᠬᠦ ᠬᠢᠵᠠᠭᠠᠷᠯᠠᠯ ᠢ ᠴᠢᠩᠭᠠᠷᠠᠭᠤᠯᠤᠨ᠎ᠠ᠃ ᠣᠲᠣ ᠪᠣᠯᠲᠠᠯ᠎ᠠ᠂ ᠨᠡᠶᠢᠲᠡ 2 ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠨᠢ ᠲᠠᠷᠢᠶᠠᠨ ᠭᠠᠵᠠᠷ ᠢ 6.4897 ᠾᠧᠺᠲ᠋ᠠᠷ ᠡᠵᠡᠯᠡᠨ ᠬᠡᠷᠡᠭᠯᠡᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ | ᠨᠢᠭᠡᠨᠲᠡ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠳᠠᠮᠵᠢᠭᠤᠯᠤᠨ ᠲᠠᠷᠢᠶᠠᠨ ᠭᠠᠵᠠᠷ ᠤᠨ ᠡᠬᠢ ᠪᠠᠶᠠᠯᠢᠭ ᠢ ᠡᠷᠡᠰ ᠰᠠᠬᠢᠨ ᠬᠠᠮᠠᠭᠠᠯᠠᠵᠤ ᠪᠠᠶᠢᠨ᠎ᠠ᠃ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ | ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠡᠷᠬᠢᠨ ᠦᠵᠡᠬᠦ︾᠂ ︽ᠲᠣᠮᠣ | ᠰᠠᠷᠠᠪᠴᠢᠲᠤ ᠭᠡᠷ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠢᠨ᠎ᠡ ᠨᠢᠭᠡ ᠡᠭᠡᠯᠵᠢ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠥᠳᠡᠭᠡ | ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ ᠲᠤᠰᠬᠠᠢ ᠴᠡᠭᠴᠡᠯᠡᠨ ᠵᠠᠰᠠᠬᠤ᠂ ᠳᠠᠭᠠᠭᠤᠯᠢ ᠤᠳᠤᠨ ᠤ ᠹᠢᠯᠢᠮ ᠤᠨ ᠬᠠᠤᠯᠢ | ᠬᠡᠷᠡᠭᠵᠢᠭᠦᠯᠬᠦ ᠵᠢᠴᠢ ᠵᠤᠷᠰᠢᠯ ᠢᠶᠠᠷ ᠬᠢᠨᠠᠨ ᠪᠠᠶᠢᠴᠠᠭᠠᠬᠤ ᠵᠡᠷᠭᠡ ᠬᠤᠯᠪᠣᠭᠠᠯᠠᠨ ᠬᠢᠨᠠᠨ ᠵᠢᠯᠣᠭᠤᠳᠬᠤ ᠠᠵᠢᠯ ᠢ ᠢᠳᠡᠪᠬᠢᠲᠡᠢ ᠥᠷᠨᠢᠭᠦᠯᠵᠦ᠂ ᠰᠢᠨ᠎ᠡ ᠪᠠᠷ ᠨᠡᠮᠡᠭᠳᠡᠭᠰᠡᠨ | ᠬᠠᠤᠯᠢ ᠠᠴᠠ ᠵᠥᠷᠢᠴᠡᠨ ᠲᠠᠷᠢᠶᠠᠨ ᠭᠠᠵᠠᠷ ᠡᠵᠡᠯᠡᠬᠦ ᠠᠰᠠᠭᠤᠳᠠᠯ ᠢ ᠡᠷᠡᠰ ᠬᠤᠷᠢᠭᠯᠠᠨ᠎ᠠ᠃ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠬᠢᠨᠠᠨ ᠰᠢᠯᠭᠠᠵᠤ ᠱᠠᠩᠨᠠᠬᠤ ᠰᠠᠭᠤᠷᠢ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠲᠠᠷᠢᠶᠠᠨ ᠭᠠᠵᠠᠷ ᠤᠨ ᠪᠠᠶᠢᠴᠠᠭᠠᠯᠲᠠ᠂ ᠬᠢᠨᠠᠨ | ᠬᠡᠮᠵᠢᠯᠲᠡ ᠶᠢ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠣᠳᠣᠷᠬᠠᠶ | ᠣᠶᠢᠯᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠡᠷᠴᠢᠮ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠦᠨᠡᠨ ᠬᠦ ᠪᠠᠲᠤᠳᠬᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠢ ᠴᠢᠩᠭ᠎ᠠ ᠡᠵᠡᠮᠳᠡᠵᠦ᠂ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠪᠥᠬᠦ ᠶᠠᠪᠤᠴᠠ ᠶᠢ ᠬᠢᠨᠠᠨ ᠬᠠᠮᠢᠶᠠᠷᠴᠤ᠂ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠂ ︽ | ᠤᠭᠲᠤ ᠠᠭᠤᠴᠢᠯᠠᠬᠤ ᠥᠬᠡᠶ︾ ᠣᠪᠣᠷ ᠢᠶᠠᠷ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | |