4 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠥᠬᠡᠬᠤᠲᠠ ᠳᠤ | ᠬᠤᠷᠠᠯᠳᠤᠵᠤ᠂ 4 ᠰᠠᠷ᠎ᠠ ᠶᠢᠨ 25 ᠤ ᠡᠳᠦᠷ ᠤᠨ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠣᠳᠣᠬᠠᠨ ᠤ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ | ᠵᠠᠳᠠᠯᠵᠤ᠂ ᠠᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠶᠠᠷᠢᠶ᠎ᠠ ᠲᠠᠯᠪᠢᠵᠠᠶ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠱᠢ ᠭᠤᠸᠠᠩ ᠬᠤᠢ᠂ ᠬᠤᠸᠠᠩ ᡁᠢ ᠴᠢᠶᠠᠩ᠂ ᠪᠦᠦ ᠰᠢᠶᠠᠨ ᠬᠤᠸᠠ᠂ ᠴᠢ᠊ ᠪᠠᠲᠤ᠂ ᠵᠧᠩ ᠭᠤᠸᠠᠩ ᠵᠤᠤ᠂ ᠶᠤᠤ ᠶᠦᠩ ᠪᠥᠸᠧ᠂ | ᠳᠠᠶᠢᠴᠢᠨ᠂ ᠶᠠᠩ ᠶᠢᠨ᠂ ᠰᠦᠨ ᠵᠢᠶᠦ᠋ᠨ ᠴᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ᠂ 12 ᠠᠶᠢᠮᠠᠭ ᠬᠤᠳᠠ᠂ 7 ᠣᠷᠣᠨ ᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠮᠠᠨ ᠤ ᠣᠷᠣᠨ ᠤ ᠠᠵᠤ ᠠᠬᠤᠢ ᠶᠢᠨ ᠪᠠᠶᠢᠳᠠᠯ ᠢ ︽ᠬᠡᠷᠬᠢᠨ | ᠦᠵᠡᠬᠦ︾᠂ ᠠᠵᠤ ᠠᠬᠤᠢ ᠶᠢᠨ ᠠᠵᠢᠯ ᠢ ︽ᠬᠡᠷᠬᠢᠨ ᠬᠢᠬᠦ︾ ᠲᠤᠬᠠᠢ ᠦᠭᠡ ᠬᠡᠯᠡᠪᠡ᠃ | ᠰᠦᠨ ᠱᠤᠤ ᠴᠧᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠣᠳᠣᠬᠠᠨ ᠤ ᠪᠦᠬᠦ ᠤᠯᠤᠰ ᠤᠨ ᠠᠵᠤ | ᠠᠬᠤᠢ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠪᠦᠬᠦ ᠤᠯᠤᠰ ᠤᠨ ᠠᠵᠤ ᠠᠬᠤᠢ ᠶᠢᠨ ᠠᠵᠢᠯ ᠢ ᠲᠤᠬᠢᠷᠠᠭᠤᠯᠤᠨ | ᠪᠠᠶᠢᠷᠢᠯᠠᠭᠤᠯᠵᠤ᠂ ᠡᠯ᠎ᠡ ᠲᠠᠯ᠎ᠠ ᠶᠢᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠪᠠᠲᠤᠳᠬᠠᠵᠤ᠂ ᠬᠦᠴᠢᠷᠳᠡᠯ ᠥᠷᠢᠰᠥᠯᠳᠦᠭᠡᠨ ᠢ ᠢᠳᠡᠪᠬᠢᠲᠡᠢ ᠪᠦᠲᠦᠮᠵᠢᠲᠡᠢ | ᠠᠷᠭᠠᠴᠠᠭᠠᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠳᠤ ᠤᠷᠤᠭᠰᠢᠯᠠᠬᠤ ᠴᠢᠭᠯᠡᠯ ᠪᠣᠯᠤᠨ | ᠬᠦᠴᠦᠯᠡᠬᠦ ᠭᠤᠣᠯᠳᠠᠯᠭ᠎ᠠ ᠶᠢ ᠵᠢᠭᠠᠵᠤ ᠥᠭᠴᠡᠢ᠃ ᠡᠯ᠎ᠡ ᠱᠠᠲᠤᠨ ᠤ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠤᠯᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠠᠪᠳᠠᠭᠤᠨ ᠪᠠᠲᠤᠲᠠᠢ ᠪᠥᠭᠡᠳ | ᠪᠦᠲᠦᠮᠵᠢᠲᠡᠢ ᠠᠵᠢᠯᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ | ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃ | ᠰᠦᠨ ᠱᠤᠤ ᠴᠧᠩ᠂ ᠣᠳᠣᠬᠠᠨ ᠳᠤ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠰᠠᠶᠢᠨ ᠪᠠᠶᠢᠨ᠎ᠠ᠂ ᠮᠠᠯ ᠠᠵᠤ ᠠᠬᠤᠢ | ᠲᠠᠷᠢᠶᠠᠯᠠᠩ ᠪᠣᠯᠤᠨ ᠡᠨᠧᠷᠭᠢ ᠭᠡᠬᠦ ᠬᠤᠶᠠᠷ ᠦᠨᠳᠦᠰᠦᠨ ᠪᠠᠶᠢᠳᠠᠯ ᠲᠣᠭᠲᠠᠭᠤᠨ ᠪᠠᠶᠢᠨ᠎ᠠ᠂ ᠠᠵᠤ ᠦᠢᠯᠡᠰ ᠤᠨ ᠰᠠᠭᠤᠷᠢ᠂ ᠢᠳᠡᠪᠬᠢᠲᠡᠢ ᠪᠠᠶᠢᠳᠠᠯ ᠬᠤᠪᠢᠷᠠᠭ᠎ᠠ | ᠦᠭᠡᠢ᠂ ᠭᠠᠳᠠᠭᠠᠳᠤ ᠨᠥᠬᠦᠴᠡᠯ ᠰᠠᠶᠢᠵᠢᠷᠠᠵᠤ ᠪᠠᠶᠢᠨ᠎ᠠ᠂ ᠬᠠᠷᠠᠯᠲᠠ ᠡᠭᠦᠷᠭᠡ ᠬᠤᠪᠢᠷᠠᠵᠤ ᠪᠣᠯᠬᠤ ᠦᠭᠡᠢ᠃ ᠡᠯ᠎ᠡ ᠱᠠᠲᠤᠨ ᠤ ᠬᠢᠨ ᠬᠥᠭᠵᠢᠯᠲᠡ ᠶᠢᠨ ᠢᠲᠡᠭᠡᠯ ᠢᠶᠠᠨ | ᠪᠠᠲᠤᠳᠬᠠᠵᠤ᠂ ︽ᠤᠷᠤᠭᠰᠢᠯᠠᠬᠤ ᠦᠭᠡᠢ ᠨᠢ ᠤᠬᠤᠷᠢᠵᠤ ᠪᠠᠶᠢᠭ᠎ᠠ ᠶᠠᠪᠤᠳᠠᠯ ᠮᠦᠨ᠂ ᠤᠳᠠᠭᠠᠨ ᠤᠷᠤᠭᠰᠢᠯᠠᠬᠤ ᠨᠢ ᠴᠦ ᠤᠬᠤᠷᠢᠵᠤ ᠪᠠᠶᠢᠭ᠎ᠠ ᠶᠠᠪᠤᠳᠠᠯ ᠪᠤᠯᠤᠨ᠎ᠠ︾ | ᠭᠡᠳᠡᠭ ᠢ ᠭᠦᠢᠴᠡᠳ ᠲᠠᠨᠢᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠯᠭᠠᠮ ᠰᠡᠳᠭᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ | ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠦᠭᠵᠢᠷᠡᠯ ᠢ ᠰᠢᠯᠤᠭᠤᠳᠬᠠᠵᠤ᠂ ᠰᠢᠨ᠎ᠡ ᠡᠨᠧᠷᠭᠢ ᠡᠨᠡ ᠬᠦ ᠳᠠᠪᠠᠭᠤᠯᠢᠭ ᠠᠵᠤ | ᠦᠢᠯᠡᠰ ᠢ ᠤᠯᠠᠮ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠠᠵᠤ ᠠᠬᠤᠢ ᠲᠠᠷᠢᠶᠠᠯᠠᠩ᠂ | ᠪᠠᠷᠢᠯᠭ᠎ᠠ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠶᠢᠨ ᠠᠷᠭ᠎ᠠ ᠳᠤ | ᠲᠦᠰᠢᠭᠯᠡᠨ ᠲᠦᠷᠦᠯ ᠵᠦᠢᠯ ᠤᠨ ᠬᠢᠨᠠᠨ ᠵᠥᠪᠰᠢᠶᠡᠷᠡᠯ ᠤᠳᠠᠭᠠᠨ ᠪᠠᠶᠢᠬᠤ᠂ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠬᠡᠷᠡᠭᠴᠡᠭᠡ ᠲᠤᠬᠢᠷᠠᠯᠴᠠᠬᠤ ᠦᠭᠡᠢ | ᠪᠠᠶᠢᠬᠤ᠂ ᠪᠠᠩᠬᠢ ᠪᠣᠯᠤᠨ ᠠᠵᠤ ᠠᠬᠤᠶᠢᠯᠠᠯ ᠤᠨ ᠵᠣᠯᠭᠠᠯᠴᠠᠭ᠎ᠠ ᠤᠷᠤᠭᠰᠢᠲᠠᠢ ᠪᠤᠰᠤ ᠪᠠᠶᠢᠬᠤ ᠵᠡᠷᠭᠡ ᠪᠣᠭᠤᠮᠢ ᠬᠢᠵᠠᠭᠠᠷᠯᠠᠯ ᠢ ᠰᠢᠢᠳᠪᠦᠷᠢᠯᠡᠬᠦ ᠶᠢ ᠨᠡᠩ | ᠴᠢᠬᠤᠯᠠᠴᠢᠯᠠᠬᠤ ᠬᠡᠷᠡᠭᠲᠡᠢ᠃ ᠰᠢᠨ᠎ᠡ ᠲᠠᠶᠢᠨ ᠤ ᠲᠠᠯᠠᠪᠤᠷ ᠢ ᠨᠡᠭᠡᠭᠡᠵᠦ᠂ ᠠᠭᠠᠷ ᠤᠨ ᠦᠢᠯᠡᠰ ᠤᠨ ᠠᠵᠤ ᠠᠬᠤᠢ᠂ ᠪᠣᠬᠢᠷᠲᠤᠯ ᠦᠭᠡᠢ ᠤᠰᠤᠲᠥ᠋ᠷᠥᠭᠴᠢ᠂ | ᠴᠥᠮ᠎ᠡ ᠶᠢᠨ ᠡᠨᠧᠷᠭᠢ᠂ ᠵᠢᠯᠣᠭᠤᠴᠢ ᠦᠭᠡᠢ ᠮᠠᠰᠢᠨ᠂ ᠪᠤᠳᠤᠯᠲᠠ ᠶᠢᠨ ᠬᠦᠴᠦᠨ ᠵᠡᠷᠭᠡ ᠬᠦᠷᠢᠶ᠎ᠠ ᠶᠢ ᠨᠢᠭᠲᠠ ᠠᠩᠬᠠᠷᠴᠤ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠨ ᠪᠤᠶᠢᠵᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠤᠨ ᠣᠷᠣᠯᠭ᠎ᠠ ᠪᠠ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠱᠦᠵᠢ | ᠲᠦᠷᠦᠭᠦᠯᠡᠨ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠳᠠᠨ ᠵᠣᠷᠢᠭ᠂ ᠡᠷᠴᠢ ᠵᠣᠷᠢᠭ ᠢᠶᠠᠨ ᠭᠦᠢᠴᠡᠳ ᠬᠥᠪᠴᠢᠯᠡᠵᠦ᠂ ᠤᠶᠤᠨ ᠴᠢᠳᠠᠯ ᠢᠶᠠᠨ | ᠲᠥᠪᠯᠡᠷᠡᠭᠦᠯᠦᠨ᠂ ᠴᠠᠭ ᠮᠦᠴᠡ ᠶᠢ ᠠᠮᠵᠢᠨ ᠠᠵᠤ ᠠᠬᠤᠢ ᠶᠢᠨ ᠬᠥᠭᠵᠢᠯᠲᠡ ᠡᠨᠡ ᠬᠦ ᠭᠤᠣᠯ ᠡᠭᠦᠷᠭᠡ ᠶᠢ ᠰᠠᠶᠢᠲᠤᠷ ᠠᠳᠬᠤᠬᠤ ᠶᠢᠨ ᠬᠠᠮᠲᠤ ᠠᠮᠢ ᠠᠬᠤᠢ ᠶᠢᠨ | ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠠᠮ ᠤᠨ ᠪᠠᠶᠢᠭᠤᠯᠤᠯᠲᠠ᠂ ᠲᠥᠪ ᠤᠨ ᠲᠣᠭᠤᠷᠢᠨ | ᠪᠠᠶᠢᠴᠠᠭᠠᠯᠲᠠ ᠳᠤ ᠬᠠᠮᠵᠢᠯᠴᠠᠬᠤ ᠵᠡᠷᠭᠡ ᠠᠵᠢᠯ ᠢ ᠨᠢᠭᠡᠳᠦᠯᠲᠡᠢ ᠰᠠᠶᠢᠳᠤᠷ ᠲᠥᠯᠥᠪᠵᠢᠭᠦᠯᠬᠦ ᠬᠡᠷᠡᠭᠲᠡᠢ ᠭᠡᠵᠡᠢ᠃ | |