4 ᠳ᠋ᠦ᠋ᠭᠡᠷ ᠰᠠᠷ᠎ᠠ ᠶᠢᠨ 24 ᠤ ᠡᠳᠦᠷ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠭᠤᠣᠯ ᠰᠡᠳᠦᠪ ᠪᠣᠯ ︽ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠠᠪᠤᠳᠠᠯ ᠪᠣᠯᠤᠨ᠎ᠠ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠭᠦᠸᠧ ᠬᠤᠩ ᠬᠤᠷᠠᠯ ᠡᠷᠭᠢᠯᠡᠵᠦ᠂ ᠲᠣᠪᠴᠢᠶᠠᠨ ᠤ | ᠤᠳᠤᠷᠢᠳᠬᠤ ᠪᠠᠭ ᠤᠨ ᠭᠡᠰᠢᠭᠦᠨ ᠨᠢᠭᠡᠳ ᠨᠢᠭᠡ ᠪᠠᠷ ᠶᠠᠷᠢᠶ᠎ᠠ ᠲᠠᠯᠪᠢᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ | ᠨᠠᠮ ᠤᠨ ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ | ᠡᠬᠢᠯᠡᠨ ᠰᠡᠳᠦᠪ ᠢ ᠰᠢᠢᠳᠪᠦᠷᠢᠯᠡᠵᠦ᠂ ᠳᠡᠭᠡᠷ᠎ᠡ ᠠᠴᠠ ᠳᠣᠷᠣᠭᠰᠢ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠰᠢᠨ᠎ᠡ ᠪᠠᠶᠢᠳᠠᠯ ᠳᠣᠣᠷᠠᠬᠢ ᠨᠠᠮ ᠤᠨ | ᠰᠤᠷᠲᠠᠯ ᠤᠨ ᠪᠠᠶᠢᠭᠤᠯᠤᠯᠲᠠ ᠶᠢ ᠶᠠᠭᠤᠨ ᠳᠤ ᠠᠳᠬᠤᠬᠤ᠂ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠰᠤᠷᠲᠠᠯ | ᠵᠠᠰᠠᠭ ᠤᠨ ᠰᠤᠷᠲᠠᠯ ᠴᠤ᠋ ᠰᠢᠨ᠎ᠡ ᠪᠠᠶᠢᠳᠠᠯ ᠲᠠᠢ ᠪᠤᠯᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠪᠠ ᠬᠦᠷᠢᠶᠡᠯᠡᠯ ᠢ ᠲᠠᠰᠤᠷᠠᠯᠳᠠ ᠦᠭᠡᠢ ᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠣᠯ | ᠰᠢᠨ᠎ᠡ ᠴᠠᠭ ᠦᠶ᠎ᠡ ᠳᠤ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠦᠵᠡᠯ ᠰᠠᠨᠠᠭᠠᠨ ᠤ ᠵᠡᠪᠰᠡᠭ ᠮᠥᠨ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠦᠨᠳᠦᠰᠦᠨ ᠵᠢᠷᠤᠮᠯᠠᠯ ᠮᠥᠨ᠃ ᠨᠠᠮ ᠤᠨ ᠰᠤᠷᠲᠠᠯ ᠤᠨ ᠪᠠᠶᠢᠭᠤᠯᠤᠯᠲᠠ ᠪᠣᠯ | ᠨᠠᠮ ᠪᠣᠯᠤᠨ ᠤᠯᠤᠰ ᠤᠨ ᠠᠵᠢᠯ ᠦᠢᠯᠡᠰ ᠤᠨ ᠢᠯᠠᠵᠤ ᠢᠯᠠᠭᠳᠠᠬᠤ ᠲᠠᠢ ᠬᠤᠯᠪᠣᠭᠳᠠᠨ᠎ᠠ᠂ ᠰᠤᠷᠲᠠᠯ ᠤᠨ ᠠᠰᠠᠭᠤᠳᠠᠯ ᠤᠨ ᠮᠥᠨ ᠴᠢᠨᠠᠷ ᠪᠣᠯ ᠨᠠᠮᠴᠢ ᠴᠢᠨᠠᠷ ᠤᠨ | ᠠᠰᠠᠭᠤᠳᠠᠯ ᠪᠣᠯᠬᠤ ᠶᠢ ᠭᠦᠨᠵᠡᠭᠡᠢ ᠣᠶᠢᠯᠠᠭᠠᠵᠤ᠂ ᠰᠤᠷᠲᠠᠯ ᠤᠨ ᠠᠰᠠᠭᠤᠳᠠᠯ ᠤᠨ ᠭᠤᠣᠯᠳᠠᠯᠭ᠎ᠠ ᠪᠣᠯ ᠨᠠᠮ ᠪᠣᠯᠤᠨ ᠠᠷᠠᠳ ᠤᠯᠠᠨ ᠤ ᠬᠠᠷᠢᠴᠠᠭ᠎ᠠ ᠶᠢᠨ ᠠᠰᠠᠭᠤᠳᠠᠯ | ᠪᠣᠯᠬᠤ ᠶᠢ ᠭᠦᠨᠵᠡᠭᠡᠢ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠪᠣᠯ ᠰᠤᠷᠲᠠᠯ ᠢ ᠰᠠᠶᠢᠵᠢᠷᠠᠭᠤᠯᠬᠤ ᠶᠢᠨ ᠭᠠᠷᠳᠠᠴᠠ ᠪᠠ ᠳᠠᠶᠢᠴᠢᠯᠠᠯᠲᠠ ᠶᠢᠨ ᠵᠠᠷᠯᠢᠭ ᠪᠣᠯᠬᠤ ᠶᠢ | ᠭᠦᠨᠵᠡᠭᠡᠢ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠡᠩ ᠥᠨᠳᠥᠷ | ᠪᠠᠷᠢᠮᠵᠢᠶ᠎ᠠ ᠨᠡᠩ ᠰᠢᠯᠢᠳᠡᠭ ᠰᠤᠷᠲᠠᠯ ᠢᠶᠠᠷ ︽ᠬᠤᠶᠠᠷ ᠢ ᠬᠠᠮᠠᠭᠠᠯᠠᠬᠤ︾ ᠨᠢᠭᠡᠳᠦᠭᠡᠷ ᠵᠢᠭᠰᠠᠭᠠᠯ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠤ ᠰᠤᠷᠲᠠᠯ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠤᠯᠭᠠᠮ᠎ᠠ ᠪᠠᠶᠢᠳᠠᠯ ᠢ ᠰᠡᠷᠭᠡᠭ ᠢᠶᠠᠷ ᠲᠠᠨᠢᠵᠤ᠂ ᠦᠵᠡᠯ ᠰᠠᠨᠠᠭᠠᠨ ᠤ | ᠰᠤᠷᠲᠠᠯ᠂ ᠠᠵᠢᠯ ᠤᠨ ᠰᠤᠷᠲᠠᠯ᠂ ᠵᠣᠬᠢᠶᠠᠯ ᠤᠨ ᠰᠤᠷᠲᠠᠯ᠂ ᠬᠤᠷᠠᠯ ᠤᠨ ᠰᠤᠷᠲᠠᠯ᠂ ᠪᠠᠶᠢᠴᠠᠭᠠᠨ ᠰᠤᠳᠤᠯᠤᠯᠲᠠ ᠪᠠᠷ ᠭᠠᠳᠠᠭᠰᠢ ᠭᠠᠷᠬᠤ᠂ ᠪᠠᠭ ᠢ ᠠᠳᠬᠤᠨ | ᠡᠩᠨᠡᠭᠡ ᠶᠢ ᠳᠠᠭᠠᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠴᠢᠩᠭ᠎ᠠ ᠪᠣᠳᠠᠲᠠᠢ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠭᠦᠨᠵᠡᠭᠡᠢ ᠲᠤᠩᠭᠠᠨ | ᠪᠣᠳᠣᠯᠬᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ | ᠪᠣᠳᠠᠲᠠᠢ ᠠᠳᠬᠤᠵᠤ ᠨᠠᠷᠢᠯᠢᠭ ᠠᠳᠬᠤᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠨᠡ ᠤᠳᠠᠭᠠᠨ ᠤ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ᠂ ᠵᠢᠷᠭᠠᠨ | ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠳᠤ ︽ᠬᠤᠷᠴᠠ ᠰᠡᠯᠡᠮ᠎ᠡ︾ ᠭᠠᠷᠭᠠᠬᠤ ᠮᠥᠷᠲᠡᠭᠡᠨ ᠪᠠᠰᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ︽ | ᠬᠤᠷᠢᠭᠠᠲᠠᠢ ᠣᠷᠣᠨ︾ ᠬᠤᠪᠢᠶᠠᠵᠤ᠂ ᠨᠠᠮ ᠤᠨ ᠰᠢᠯᠢᠳᠡᠭ ᠰᠤᠷᠲᠠᠯ ᠢ ᠤᠢ ᠰᠢᠭᠤᠢ ᠪᠠ ᠨᠤᠲᠤᠭ ᠪᠡᠯᠴᠢᠭᠡᠷ ᠤᠨ ᠺᠠᠳ᠋ᠷ ᠠᠵᠢᠯᠳᠠᠨ ᠠᠵᠢᠯᠴᠢᠨ ᠤ ᠠᠮᠢᠳᠤᠷᠠᠯ ᠤᠨ | ᠳᠠᠳᠬᠠᠯ᠂ ᠠᠵᠢᠯ ᠤᠨ ᠰᠠᠬᠢᠯᠭ᠎ᠠ ᠪᠠ ᠤᠶᠤᠨ ᠰᠠᠨᠠᠭᠠᠨ ᠤ ᠬᠥᠭᠡᠭᠡᠴᠡᠯᠳᠦᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠦᠨᠡᠨ ᠰᠡᠳᠬᠢᠯ ᠠᠴᠠ ᠪᠠᠨ | ᠣᠨᠣᠯ ᠰᠤᠷᠤᠯᠴᠠᠵᠤ᠂ ᠦᠨᠡᠨ ᠠᠷᠭ᠎ᠠ ᠭᠠᠷᠭᠠᠵᠤ ᠠᠰᠠᠭᠤᠳᠠᠯ ᠢ ᠪᠠᠶᠢᠴᠠᠭᠠᠨ ᠳᠡᠯᠭᠡᠵᠦ᠂ ᠪᠣᠳᠠᠲᠤ ᠡᠷᠴᠢ ᠵᠣᠷᠢᠭ ᠢᠶᠠᠷ ᠲᠥᠪᠯᠡᠷᠡᠭᠦᠯᠦᠨ ᠴᠡᠭᠴᠡᠯᠡᠨ ᠵᠠᠰᠠᠵᠤ᠂ | ᠬᠡᠪ ᠤᠨ ᠪᠠᠶᠢᠳᠠᠯ ᠢᠶᠠᠷ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠣᠢ ᠰᠢᠭᠤᠶ ᠪᠠ ᠨᠤᠲᠤᠭ | ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ | |