ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠠᠵᠢᠯᠳᠠᠨ ᠠᠵᠢᠯᠴᠢᠨ ᠤ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ | ᠲᠥᠯᠥᠭᠡ᠂ 4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ | ᠬᠦᠷᠢᠶᠡᠯᠡᠩ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠭᠰᠠᠨ ᠠᠮᠤᠷ ᠲᠦᠪᠰᠢᠨ ᠨᠢᠭᠡᠳᠦᠭᠡᠷ ᠠᠮᠢ ᠨᠠᠰᠤ ᠶᠢ ᠳᠡᠭᠡᠳᠦᠯᠡᠬᠦ︾ ᠭᠤᠣᠯ ᠰᠡᠳᠦᠪᠲᠦ ᠬᠠᠪᠤᠷ ᠤᠨ | ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠮᠢ ᠵᠢᠭᠤᠲᠠᠬᠤ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠪᠡ᠃ | ᠪᠣᠯᠪᠠᠰᠣᠷᠠᠯ ᠳᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠤᠬᠠᠭᠤᠯᠤᠭᠴᠢ ᠶᠢ ᠣᠨᠴᠠᠭᠠᠶᠢᠯᠠᠨ ᠤᠷᠢᠵᠤ᠂ ᠪᠣᠳᠠᠲᠤ ᠬᠡᠷᠡᠭ ᠤᠨ | ᠵᠢᠱᠢᠶ᠎ᠡ ᠲᠠᠢ ᠪᠠᠨ ᠤᠶᠠᠯᠳᠤᠭᠤᠯᠤᠨ᠂ ᠵᠢᠷᠤᠭ ᠪᠢᠴᠢᠭ ᠢ ᠬᠤᠣᠰᠯᠠᠭᠤᠯᠬᠤ᠂ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠭᠠᠯ ᠤᠨᠲᠠᠷᠠᠭᠠᠬᠤ ᠠᠮᠤᠷ | ᠲᠦᠪᠰᠢᠨ ᠤ ᠦᠨᠳᠦᠰᠦᠨ ᠮᠡᠳᠡᠯᠭᠡ᠂ ᠬᠡᠷ ᠲᠤ ᠪᠠᠨ ᠰᠠᠭᠤᠵᠤ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠠᠵᠢᠯᠯᠠᠬᠤ ᠦᠢᠯᠡᠳᠪᠦᠷᠢᠯᠡᠯ ᠤᠨ | ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠩᠬᠠᠷᠬᠤ ᠵᠦᠢᠯᠡᠰ᠂ ᠭᠠᠯ ᠤᠨ ᠠᠶᠤᠯ ᠢ ᠲᠠᠷᠬᠠᠭᠠᠵᠤ ᠠᠮᠢ ᠵᠢᠭᠤᠲᠠᠵᠤ ᠥᠪᠡᠷ ᠢ ᠪᠠᠨ ᠠᠪᠤᠷᠠᠬᠤ᠂ | ᠲᠦᠭᠰᠢᠭᠦᠷᠢ ᠮᠡᠳᠡᠭᠡᠯᠡᠬᠦ ᠮᠠᠰᠢᠨ ᠵᠢᠴᠢ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠶᠠᠯᠳᠤᠭᠤᠯᠤᠨ ᠲᠤᠬᠠᠶ ᠶᠢᠨ | ᠲᠠᠯᠠᠪᠤᠷ ᠲᠤ ᠬᠢᠴᠢᠶᠡᠯ ᠣᠷᠣᠪᠠ᠃ | ᠭᠠᠯ ᠤᠨᠲᠠᠷᠠᠭᠠᠬᠤ ᠮᠡᠳᠡᠯᠭᠡ ᠶᠢᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠠᠰᠠᠷ ᠤᠨ ᠳᠣᠲᠣᠷ᠎ᠠ ᠭᠠᠯ ᠤᠨ ᠠᠶᠤᠯ ᠭᠠᠷᠤᠭᠰᠠᠨ ᠢ | ᠳᠠᠭᠤᠷᠢᠶᠠᠨ ᠭᠠᠯ ᠤᠨᠲᠠᠷᠠᠭᠠᠬᠤ ᠰᠡᠷᠡᠮᠵᠢ ᠶᠢᠨ ᠬᠤᠩᠬᠤ ᠶᠢ ᠳᠤᠤᠭᠠᠷᠭᠠᠬᠤ ᠶᠢᠨ ᠬᠠᠮᠲᠤ ᠡᠯ᠎ᠡ ᠳᠠᠪᠬᠤᠷᠭ᠎ᠠ ᠶᠢᠨ ᠠᠵᠢᠯᠲᠠᠳ ᠢ ᠵᠥᠪ ᠬᠥᠲᠥᠯᠥᠨ ᠵᠢᠯᠤᠭᠤᠳᠴᠤ | ᠪᠠᠶᠢᠭᠠᠳ ᠠᠮᠠ ᠬᠠᠮᠠᠷ ᠢ ᠨᠢ ᠲᠠᠭᠯᠠᠭᠤᠯᠤᠨ ᠂ ᠨᠢᠷᠤᠭᠤ ᠪᠥᠬᠦᠶᠢᠨ ᠬᠡᠷᠡᠮ ᠲᠦᠰᠢᠭᠦᠯᠵᠦ ᠂ ᠡᠮᠬᠢ ᠵᠢᠷᠤᠮ ᠲᠠᠢ ᠪᠠᠷ ᠲᠠᠷᠬᠠᠭᠠᠬᠤ ᠵᠠᠮ ᠢᠶᠠᠷ ᠬᠠᠮᠤᠭ ᠤᠨ ᠣᠬᠤᠷ | ᠬᠤᠭᠤᠴᠠᠭᠠᠨ ᠳᠤ ᠪᠠᠴᠢᠮ ᠲᠦᠷᠭᠡᠨ ᠵᠠᠶᠢᠯᠠᠭᠤᠯᠤᠨ᠎ᠠ᠂ ᠲᠣᠭᠲᠠᠭᠰᠠᠨ ᠭᠠᠵᠠᠷ ᠲᠤ ᠠᠮᠤᠷ ᠲᠦᠪᠰᠢᠨ ᠢᠶᠠᠷ ᠬᠦᠷᠬᠦ ᠶᠢ ᠱᠠᠭᠠᠷᠳᠠᠪᠠ᠃ ᠲᠠᠷᠬᠠᠭᠠᠬᠤ ᠪᠦᠬᠦ᠋ᠢᠯᠡ | ᠰᠣᠷᠢᠯᠲᠠ ᠶᠢᠨ ᠶᠠᠪᠤᠴᠠ ᠳᠤ ᠰᠢᠬᠠᠯᠳᠤᠬᠤ ᠥᠬᠡᠶ ᠪᠠᠶᠢᠳᠠᠯ ᠭᠠᠷᠴᠤ᠂ ᠤᠬᠤᠷᠢᠨ ᠭᠠᠷᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠲᠠᠷᠬᠠᠭᠠᠬᠤ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠵᠢᠱᠢᠭᠰᠡᠨ ᠦᠷ᠎ᠡ ᠪᠦᠲᠦᠮᠵᠢ ᠤᠯᠪᠠ᠃ ᠪᠦᠬᠦ ᠬᠤᠷᠢᠶᠠᠨ ᠤ ᠺᠠᠳ᠋ᠷ ᠠᠵᠢᠯᠲᠠᠳ ᠲᠤ ᠭᠠᠯ ᠤᠨᠲᠠᠷᠠᠭᠠᠬᠤ ᠪᠠᠴᠢᠮ ᠪᠠᠶᠢᠳᠠᠯ ᠢ | ᠠᠷᠭᠠᠴᠠᠭᠠᠬᠤ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠭᠦᠯᠬᠦ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠭᠠᠬᠤ ᠠᠮᠢ ᠵᠢᠭᠤᠲᠠᠬᠤ ᠰᠣᠷᠢᠯᠲᠠ | ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠭᠤᠤᠷᠰᠤ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠠᠮᠤᠷ ᠲᠦᠪᠰᠢᠨ ᠢᠶᠠᠷ ᠬᠡᠷᠡᠭᠯᠡᠬᠦ ᠪᠣᠯᠪᠠᠰᠤᠷᠠᠯ ᠬᠢᠵᠦ᠂ ᠪᠣᠯᠪᠠᠰᠤᠷᠠᠯ ᠳᠤ ᠣᠷᠣᠯᠴᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ | ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠷᠢᠶᠠᠨ ᠤ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠲᠡᠳᠡᠨ ᠢ ᠬᠠᠪᠰᠤᠷᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠯᠭᠡ ᠶᠢ ᠡᠵᠡᠮᠰᠢᠭᠦᠯᠵᠦ᠂ ᠭᠡᠨᠡᠳᠲᠡ ᠶᠢᠨ ᠬᠡᠷᠡᠭ ᠢ | ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠠᠶᠤᠯ ᠠᠴᠠ ᠵᠠᠶᠢᠯᠠᠬᠤ ᠴᠢᠳᠠᠪᠤᠷᠢ ᠶᠢ | ᠳᠡᠭᠡᠭᠰᠢᠯᠡᠭᠦᠯᠬᠦ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | |