| ᠦᠶᠡᠷ ᠤᠨ ᠬᠤᠭᠤᠴᠠᠭ᠎ᠠ ᠣᠶᠢᠷᠠᠳᠴᠤ᠂ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ 2025 ᠣᠨ ᠤ ᠪᠥᠬᠦ ᠤᠯᠤᠰ ᠤᠨ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠸᠢᠳᠢᠤ᠋ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠦᠶᠡᠷ ᠤᠨ | ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ | ᠡᠷᠲᠡᠬᠡᠨ ᠲᠥᠯᠥᠪᠵᠢᠭᠦᠯᠵᠦ᠂ ᠡᠷᠲᠡᠬᠡᠨ ᠬᠥᠳᠡᠯᠦᠯᠴᠡᠵᠦ᠂ ᠡᠷᠲᠡᠬᠡᠨ ᠨᠠᠶᠢᠳᠠᠪᠤᠷᠢᠵᠢᠭᠤᠯᠵᠤ᠂ ᠦᠶᠡᠷ ᠠᠴᠠ ᠡᠮᠦᠨᠡᠬᠢ ᠭᠠᠵᠠᠷ ᠰᠢᠨᠵᠢᠯᠡᠭᠡᠨ ᠤ ᠭᠠᠮᠰᠢᠭ ᠢ | ᠰᠡᠷᠭᠡᠶᠢᠯᠡᠨ ᠵᠠᠰᠠᠬᠤ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠪᠥᠬᠦ ᠲᠠᠯ᠎ᠠ ᠪᠠᠷ ᠡᠬᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠪᠠ᠃ | ᠥᠨᠳᠥᠷ ᠲᠦᠪᠰᠢᠨ ᠢᠶᠠᠷ ᠠᠬᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠤᠨ᠎ᠠ᠃ ᠦᠶᠡᠷ ᠠᠴᠠ ᠡᠮᠦᠨᠡᠬᠢ ᠭᠠᠵᠠᠷ ᠤᠨ ᠭᠠᠶ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠳᠥᠷᠪᠡᠨ ᠱᠠᠲᠤᠨ ᠤ ᠣᠯᠠᠨ ᠢᠶᠠᠷ ᠢᠶᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠬᠦ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠠᠭ ᠠᠭᠤᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ 5 ᠳ᠋ᠤᠭᠠᠷ ᠰᠠᠷ᠎ᠠ — 9 ᠳ᠋ᠦ᠋ᠭᠡᠷ ᠰᠠᠷ᠎ᠠ ᠶᠢᠨ ᠦᠶᠡᠷ ᠤᠨ ᠬᠤᠭᠤᠴᠠᠭᠠᠨ ᠳᠤ᠂ ᠪᠣᠷᠣᠭᠠᠨ ᠤ | ᠬᠡᠮᠵᠢᠶ᠎ᠡ ᠶᠢ ᠦᠨᠳᠦᠰᠦᠯᠡᠨ ᠭᠠᠵᠠᠷ ᠤᠨ ᠭᠠᠶ ᠭᠠᠮᠰᠢᠭ ᠤᠨ ᠲᠦᠭᠰᠢᠭᠦᠷᠢ ᠶᠢᠨ ᠵᠡᠷᠭᠡ ᠳᠡᠰ ᠢ ᠮᠠᠭᠠᠳᠯᠠᠭᠰᠠᠨ ᠤ ᠳᠠᠷᠠᠭ᠎ᠠ ᠭᠠᠵᠠᠷ ᠤᠨ ᠭᠠᠶ ᠭᠠᠮᠰᠢᠭ ᠤᠨ | ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠨ᠎ᠡ᠃ ︽ᠪᠠᠶᠠᠨᠨᠠᠭᠤᠷ ᠬᠤᠲᠠ ᠶᠢᠨ 2025 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾ ᠢ | ᠲᠥᠯᠥᠪᠯᠡᠨ ᠨᠠᠶᠢᠷᠠᠭᠤᠯᠤᠨ ᠵᠣᠬᠢᠶᠠᠵᠤ᠂ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠣᠣᠷ ᠲᠠᠲᠠᠵᠤ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠎ᠠ᠃ ᠠᠩᠬᠠᠳᠤᠭᠠᠷ ᠤᠳᠠᠭᠠᠨ ᠤ ᠪᠥᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠵᠢᠭᠰᠠᠭᠠᠭᠰᠠᠨ ᠭᠠᠵᠠᠷ ᠤᠨ ᠭᠠᠶ ᠭᠠᠮᠰᠢᠭ ᠤᠨ ᠳᠠᠯᠳᠠ | ᠬᠡᠮ ᠤᠨ ᠴᠡᠭ ᠶᠣᠰᠣᠭᠠᠷ᠂ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ | ᠴᠡᠭ ᠲᠤ ︽ᠬᠡᠪᠢᠰ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ ᠵᠡᠷᠭᠡ | ᠭᠠᠵᠠᠷ ᠤᠨ ᠭᠠᠶ ᠭᠠᠮᠰᠢᠭ ᠤᠨ ᠥᠨᠳᠥᠷ ᠲᠦᠭᠰᠢᠭᠦᠷᠢᠲᠦ ᠣᠷᠣᠨ ᠢ ᠭᠤᠤᠯᠳᠠᠯᠭ᠎ᠠ ᠲᠠᠢ ᠪᠠᠶᠢᠴᠠᠭᠠᠵᠤ᠂ ᠲᠠᠩᠰᠠᠨ ᠳᠤ ᠪᠠᠶᠢᠭ᠎ᠠ ᠳᠠᠯᠳᠠ ᠬᠡᠮ ᠤᠨ ᠴᠡᠭ ᠢ ᠴᠠᠭ | ᠲᠤᠬᠠᠶ ᠳᠤᠨᠢ ᠬᠠᠮᠢᠶᠠᠷᠤᠨ ᠡᠵᠡᠮᠳᠡᠵᠦ᠂ ᠬᠠᠷᠢᠶᠠᠲᠤ ᠣᠷᠣᠨ ᠤ ᠳᠣᠲᠣᠷᠠᠬᠢ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ ᠤᠨ ᠣᠳᠣᠬᠢ ᠪᠠᠶᠢᠳᠠᠯ᠂ | ᠰᠡᠷᠡᠮᠵᠢᠯᠡᠭᠦᠯᠬᠦ ᠫᠠᠶᠢᠰᠠ ᠳᠣᠭᠢᠷᠠᠭᠤᠯᠤᠭᠰᠠᠨ ᠵᠡᠷᠭᠡ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠬᠤᠰᠢᠭᠤ ᠰᠢᠶᠠᠨ ︵ᠲᠣᠭᠤᠷᠢᠭ︶ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠰᠢᠮᠳᠠᠭᠤᠯᠵᠤ ᠪᠠᠶᠢᠭᠠᠳ ︽ᠬᠤᠶᠠᠷ ᠺᠠᠷᠲ ᠨᠢᠭᠡ ᠬᠦᠰᠦᠨᠦᠭᠲᠦ︾ ᠶᠢ ᠴᠠᠭ ᠲᠤᠬᠠᠢ ᠳᠤᠨᠢ ᠵᠢᠷᠤᠮᠵᠢᠭᠤᠯᠤᠨ | ᠲᠠᠷᠬᠠᠭᠠᠬᠤ ᠶᠢᠨ ᠬᠠᠮᠲᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠤᠨ ︽ᠪᠥᠬᠦ ᠬᠦᠴᠦᠨ ᠢᠶᠠᠷ ᠢᠶᠠᠨ ᠰᠡᠷᠭᠡᠶᠢᠯᠡᠬᠦ᠂ ᠬᠠᠮᠵᠢᠯᠴᠠᠨ ᠠᠪᠤᠷᠠᠬᠤ︾ ᠠᠵᠢᠯ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ | ᠤᠬᠠᠭᠤᠯᠭ᠎ᠠ ᠪᠠᠨ ᠴᠢᠩᠭᠠᠳᠬᠠᠵᠤ᠂ ᠪᠦᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠣᠯᠠᠨ ᠢᠶᠠᠷ ᠢᠶᠠᠨ ᠬᠢᠨᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠭᠴᠢ ᠶᠢᠨ ᠭᠠᠮᠰᠢᠭ ᠢ ᠰᠡᠷᠭᠡᠶᠢᠯᠡᠬᠦ ᠮᠡᠳᠡᠯᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠬᠦ ᠬᠥᠮᠦᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠵᠢᠴᠢ ᠭᠠᠮᠰᠢᠭ ᠢ ᠲᠠᠨᠢᠵᠤ ᠭᠠᠮᠰᠢᠭ ᠢ ᠮᠡᠳᠡᠭᠦᠯᠬᠦ᠂ ᠬᠢᠨᠠᠨ ᠬᠡᠮᠵᠢᠵᠦ | ᠰᠡᠷᠡᠮᠵᠢᠯᠡᠭᠦᠯᠬᠦ ᠪᠠ ᠭᠠᠮᠰᠢᠭ ᠠᠴᠠ ᠡᠮᠦᠨ᠎ᠡ ᠠᠶᠤᠯ ᠠᠴᠠ ᠵᠠᠶᠢᠯᠠᠵᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠲᠠᠰᠤᠷᠠᠯᠲᠠ ᠤᠢᠭᠡᠢ | ᠳᠡᠭᠡᠭᠰᠢᠯᠡᠭᠦᠯᠬᠦ ᠬᠡᠷᠡᠭᠲᠡᠶ᠃ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠬᠠᠭᠤᠯᠭ᠎ᠠ ᠶᠢ | ᠦᠨᠡᠨ ᠬᠦ ᠰᠠᠶᠢᠲᠤᠷ ᠬᠢᠵᠦ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠢᠯᠠᠩᠭᠤᠶ᠎ᠠ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ | ᠡᠭᠦᠰᠬᠦ ᠣᠷᠣᠨ ᠤ ᠰᠦᠷᠳᠡᠭᠦᠯᠦᠯ ᠳᠤ ᠤᠴᠠᠷᠠᠭᠰᠠᠨ ᠬᠥᠮᠦᠰ ᠤᠨ ᠤᠬᠠᠭᠤᠯᠭ᠎ᠠ ᠶᠢ ᠴᠢᠩᠭᠠᠳᠬᠠᠵᠤ᠂ ᠭᠠᠵᠠᠷ ᠰᠢᠨᠵᠢᠯᠡᠭᠡᠨ ᠤ ᠭᠠᠮᠰᠢᠭ ᠵᠢᠴᠢ ᠲᠡᠭᠦᠨ ᠤ | ᠡᠭᠦᠰᠦᠯ ᠤᠨ ᠰᠢᠨᠵᠢ ᠲᠡᠮᠳᠡᠭ ᠢ ᠢᠯᠭᠠᠨ ᠲᠠᠨᠢᠬᠤ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠦᠲᠦᠮᠵᠢᠲᠡᠢ ᠵᠠᠶᠢᠯᠠᠭᠤᠯᠬᠤ ᠵᠡᠷᠭᠡ ᠮᠡᠳᠡᠯᠭᠡ ᠶᠢ ᠶᠡᠭᠡ ᠪᠠᠷ | ᠲᠦᠭᠡᠮᠡᠯᠵᠢᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠤᠨ ᠠᠷᠠᠳ ᠤᠯᠠᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠨ᠎ᠠ᠃ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ᠂ ᠲᠦᠷᠭᠡᠨ ᠮᠡᠳᠡᠭᠦᠯᠬᠦ ᠲᠦᠷᠢᠮ ᠵᠢᠴᠢ | ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠭᠤᠤᠯ ᠤᠳᠤᠷᠢᠳᠤᠯᠭ᠎ᠠ ᠨᠢ ᠶᠡᠷᠦᠩᠬᠡᠶᠢᠯᠡᠨ ᠲᠣᠬᠢᠷᠠᠭᠤᠯᠬᠤ᠂ ᠬᠤᠪᠢᠳᠠᠨ | ᠬᠠᠮᠢᠶᠠᠷᠬᠤ ᠤᠳᠤᠷᠢᠳᠤᠯᠭ᠎ᠠ ᠨᠢ ᠡᠭᠡᠯᠵᠢ ᠳᠠᠭᠠᠭᠤᠯᠬᠤ᠂ ᠠᠵᠢᠯᠲᠠᠳ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ | ᠬᠢᠷᠢ ᠴᠢᠳᠠᠮᠵᠢ ᠲᠠᠢ ᠨᠢᠭᠡᠴᠢ ᠯᠦᠭᠡ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠤᠰᠬᠠᠶ ᠮᠡᠷᠭᠡᠵᠢᠯ ᠤᠨ ᠡᠩᠨᠡᠭᠡ ᠨᠢ ᠰᠠᠬᠢᠨ ᠰᠠᠭᠤᠬᠤ ᠦᠢᠯᠡᠴᠢᠯᠡᠭᠡ | ᠬᠠᠩᠭᠠᠵᠤ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠠᠵᠢᠯ ᠢ ᠥᠷᠨᠢᠭᠦᠯᠬᠦ ᠶᠢ ᠲᠤᠯᠭᠠᠭᠤᠷᠢᠯᠠᠨ᠎ᠠ᠃ ᠲᠤᠰᠬᠠᠶ ᠮᠡᠷᠭᠡᠵᠢᠯ ᠤᠨ | ᠡᠩᠨᠡᠭᠡ ᠶᠢᠨ ᠬᠠᠷᠢᠭᠤᠴᠠᠯᠭᠠᠲᠠᠨ ᠪᠠ ᠮᠡᠷᠭᠡᠵᠢᠯ ᠤᠨ ᠬᠠᠷᠢᠭᠤᠴᠠᠯᠭᠠᠲᠠᠨ ᠢ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠳᠤ | ᠣᠷᠣᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠵᠠᠩᠭᠢᠯᠠᠭ᠎ᠠ ᠶᠢᠨ ᠦᠶ᠎ᠡ ᠳᠤ ︽ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ︾ ᠶᠢ | ᠦᠨᠡᠨ ᠬᠦ ᠪᠠᠲᠤᠯᠠᠬᠤ ᠬᠡᠷᠡᠭᠲᠡᠶ᠃ | ᠰᠠᠯᠬᠢ ᠪᠤᠷᠤᠭᠠᠨ ᠢ ᠰᠡᠷᠭᠡᠶᠢᠯᠡᠬᠦ ᠤᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠭᠠᠮᠰᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ | ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠪᠣᠳᠠᠲᠠᠶ ᠪᠥᠭᠡᠳ ᠨᠠᠷᠢᠯᠢᠭ ᠠᠳᠬᠤᠵᠤ᠂ ᠪᠠᠲᠤ ᠰᠠᠬᠢᠬᠤ ᠪᠠ ᠦᠢᠯᠡ | ᠠᠵᠢᠯᠯᠠᠭ᠎ᠠ ᠪᠠᠷ ᠢᠶᠠᠨ ᠠᠷᠠᠳ ᠣᠯᠠᠨ ᠳᠤ ︽ᠠᠮᠤᠷ ᠲᠦᠪᠰᠢᠨ ᠤ ᠬᠠᠰᠢᠯᠭ᠎ᠠ︾ ᠶᠢ ᠪᠠᠶᠢᠭᠤᠯᠵᠤ ᠥᠭᠭᠦᠨ᠎ᠡ᠃ | |