ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠧᠩᠵᠧᠦ ᠬᠤᠲᠠ ᠶᠢᠨ ᠠᠭᠤᠷᠬᠠᠢ ᠶᠢᠨ ᠭᠠᠷᠤᠯᠲᠠ ᠶᠢ ᠶᠡᠷᠦᠩᠬᠡᠶᠢᠯᠡᠨ ᠠᠰᠢᠭᠯᠠᠬᠤ ᠰᠤᠳᠤᠯᠭᠠᠨ ᠤ ᠭᠠᠵᠠᠷ ᠲᠦᠩᠯᠢᠶᠣᠤ ᠬᠤᠲᠠ ᠳᠤ ᠢᠷᠡᠵᠦ ᠠᠭᠤᠷᠬᠠᠢ ᠶᠢᠨ ᠭᠠᠷᠤᠯᠲᠠ ᠶᠢᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2025/4/3
  3 ᠳ᠋ᠤᠭᠠᠷ ᠰᠠᠷ᠎ᠠ ᠶᠢᠨ 31 ᠤ ᠡᠳᠦᠷ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠧᠩᠵᠧᠤ ᠠᠭᠤᠷᠬᠠᠶ ᠶᠢᠨ ᠭᠠᠷᠤᠯᠲᠠ ᠶᠢ ᠶᠡᠷᠦᠩᠬᠡᠶᠢᠯᠡᠨ ᠠᠰᠢᠭᠯᠠᠬᠤ ᠰᠤᠳᠤᠯᠭᠠᠨ ᠤ ᠭᠠᠵᠠᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠲᠦᠩᠯᠢᠶᠣᠤ ᠬᠤᠲᠠ ᠶᠢᠨ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠦᠷᠮᠡᠨ ᠴᠢᠯᠠᠭᠤᠯᠢᠭ᠂ ᠲᠠᠮᠠᠭ᠎ᠠ ᠶᠢᠨ ᠴᠢᠯᠠᠭᠤ ᠵᠡᠷᠭᠡ ᠲᠦᠩᠯᠢᠶᠣᠤ ᠶᠢᠨ ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠨ ᠰᠣᠯᠢᠯᠴᠠᠪᠠ᠃  ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠦᠷᠮᠡᠨ ᠴᠢᠯᠠᠭᠤᠯᠢᠭ᠂ ᠴᠠᠬᠢᠭᠤᠷ ᠴᠢᠯᠠᠭᠤ ᠵᠡᠷᠭᠡ ᠠᠭᠤᠷᠬᠠᠢ ᠶᠢᠨ ᠭᠠᠷᠤᠯᠲᠠ ᠶᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠪᠣᠭᠤᠮᠢ ᠶᠢ ᠰᠢᠢᠳᠪᠦᠷᠢᠯᠡᠬᠦ ᠲᠤᠬᠠᠢ ᠬᠠᠮᠲᠤ ᠶᠢᠨ ᠲᠠᠨᠢᠯᠲᠠ ᠲᠠᠢ ᠪᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ᠂ ᠠᠰᠢᠭᠯᠠᠬᠤ ᠵᠡᠷᠭᠡ ᠶᠢᠨ ᠲᠣᠭᠤᠷᠢᠨ ᠳᠤ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠨᠡᠭᠡᠭᠡᠨ ᠬᠥᠭᠵᠢᠭᠦᠯᠬᠦ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ ᠦᠢᠯᠡᠰ ᠤᠨ ᠲᠡᠰ ᠳᠡᠪᠰᠢᠬᠦ ᠠᠷᠭ᠎ᠠ ᠵᠠᠮ ᠤᠨ ᠰᠤᠳᠤᠯᠭᠠᠨ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠲᠡᠷᠡᠴᠢᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃  ᠲᠣᠰ ᠤᠳᠠᠭᠠᠨ ᠤ ᠬᠠᠮᠲᠤᠷᠠᠯᠴᠠᠭ᠎ᠠ ᠨᠢ ᠲᠦᠩᠯᠢᠶᠣᠤ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠬᠦ ᠪᠣᠯᠤᠨ᠎ᠠ᠃ 
ᠢᠷᠡᠯᠲᠡ᠄ ᠲᠦᠩᠯᠢᠶᠣᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ