ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽5.1︾ ᠤ ᠪᠠᠶᠠᠷ ᠤᠨ ᠡᠳᠦᠷ ᠠᠴᠠ ᠡᠮᠦᠨᠡᠬᠢ ᠠᠶᠤᠯ ᠥᠬᠡᠶ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/30
  ︽5.1︾ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠤᠤ ᠳ᠋ᠠ ᠶᠦᠩ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠳᠤ ᠬᠦᠷᠴᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠰᠢᠨ ᠢᠦᠢ ᠪᠦᠯᠬᠦᠮ ᠳᠠᠭᠠᠭᠤᠯᠤᠨ ᠲᠢᠩᠬᠢᠮ ᠤᠨ ᠠᠯᠪᠠᠯᠠᠬᠤ ᠲᠣᠭᠤᠷᠢᠭ ᠤᠨ ᠡᠯ᠎ᠡ ᠲᠠᠯᠠᠪᠤᠷ ᠲᠤ ᠭᠦᠨᠵᠡᠭᠡᠶᠢᠷᠡᠵᠦ᠂ ︽5.1︾ ᠤ ᠪᠠᠶᠠᠷ ᠤᠨ ᠡᠳᠦᠷ ᠠᠴᠠ ᠡᠮᠦᠨᠡᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃  ᠵᠤᠤ ᠳ᠋ᠠ ᠶᠦᠩ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢᠨ ᠪᠠᠶᠢᠩᠭᠤ ᠶᠢᠨ ᠦᠵᠡᠭᠦᠯᠭᠡ ᠶᠢᠨ ᠲᠢᠩᠬᠢᠮ᠂ ᠠᠶᠠᠨᠴᠢᠨ ᠤ ᠪᠠ ᠪᠠᠷᠠᠭᠠᠨ ᠤ ᠴᠠᠬᠢᠯᠭᠠᠨ ᠱᠠᠲᠤ᠂ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠲᠠᠰᠤᠭ᠂ ᠭᠠᠯ ᠤᠨᠲᠠᠷᠠᠭᠠᠬᠤ ᠥᠨᠳᠥᠷ ᠪᠠᠶᠢᠷᠢᠲᠤ ᠤᠰᠤᠨ ᠬᠠᠶᠢᠷᠴᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠴᠠᠬᠢᠯᠭᠠᠨ ᠡᠭᠦᠰᠭᠡᠭᠴᠢ ᠵᠡᠷᠭᠡ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠭᠠᠯ ᠤᠨᠲᠠᠷᠠᠭᠠᠬᠤ ᠭᠤᠤᠷᠰᠤ ᠶᠢ ᠲᠣᠬᠢᠶᠠᠯᠳᠤᠯ ᠢᠶᠠᠷ ᠰᠣᠩᠭᠤᠵᠤ᠂ ᠤᠰᠤ ᠭᠠᠷᠭᠠᠭᠰᠠᠨ ᠪᠠᠶᠢᠳᠠᠯ ᠢ ᠬᠡᠮᠵᠢᠨ ᠲᠤᠷᠰᠢᠭᠰᠠᠨ ᠪᠥᠭᠡᠳ ᠬᠦᠴᠦᠷᠬᠡᠭᠯᠡᠯ ᠢ ᠰᠡᠷᠭᠡᠶᠢᠯᠡᠬᠦ ᠬᠡᠷᠡᠭᠰᠡᠯ ᠢ ᠲᠣᠬᠢᠷᠠᠭᠤᠯᠤᠭᠰᠠᠨ ᠪᠠᠶᠢᠳᠠᠯ ᠢ ᠪᠠᠶᠢᠴᠠᠭᠠᠵᠤ᠂ ᠦᠵᠡᠭᠦᠯᠭᠡ ᠶᠢᠨ ᠲᠢᠩᠬᠢᠮ᠂ ᠤᠯᠠᠨ ᠨᠡᠶᠢᠲᠡ ᠶᠢᠨ ᠣᠷᠣᠨ ᠪᠦᠰᠡ ᠳᠤ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠭᠡᠮ ᠢ ᠭᠦᠨᠵᠡᠭᠡᠢ ᠵᠢᠭᠰᠠᠭᠠᠨ ᠪᠠᠶᠢᠴᠠᠭᠠᠪᠠ᠃
4.30.jpg
  ᠵᠣᠣ ᠳ᠋ᠠ ᠶᠦᠩ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢ ᠣᠯᠠᠨ ᠨᠡᠶᠢᠲᠡ ᠳᠤ ᠬᠠᠨᠳᠤᠭᠤᠯᠤᠭᠰᠠᠨ ᠲᠣᠮᠣ ᠬᠡᠯᠪᠡᠷᠢ ᠶᠢᠨ ᠲᠠᠯᠠᠪᠤᠷ ᠪᠣᠯᠤᠭᠰᠠᠨ ᠤ ᠬᠤᠪᠢ ᠳᠤ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠬᠥᠮᠦᠨ ᠬᠠᠷ᠎ᠠ ᠶᠡᠭᠡ ᠪᠠᠷ ᠨᠡᠮᠡᠭᠳᠡᠬᠦ ᠪᠣᠯᠤᠨ᠎ᠠ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠥᠬᠡᠶ᠂ ᠠᠶᠤᠯ ᠥᠬᠡᠶ ᠦᠢᠯᠡᠳᠪᠦᠷᠢᠯᠡᠯ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ᠠᠶᠤᠯ ᠥᠬᠡᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠵᠡᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠬᠠᠷᠢᠭᠤᠴᠠᠯᠭ᠎ᠠ ᠲᠣᠳᠣᠷᠬᠠᠶ᠂ ᠠᠮᠤᠷ ᠲᠦᠪᠰᠢᠨ ᠤ ᠲᠦᠷᠢᠮ ᠢ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠠᠵᠢᠯ ᠢ ᠨᠠᠷᠢᠨ ᠨᠢᠮᠪᠠᠶ ᠬᠢᠬᠦ ᠬᠡᠷᠡᠭᠲᠡᠶ ᠭᠡᠵᠡᠶ᠃ ᠯᠢᠶᠣᠤ ᠶᠠᠩ ᠬᠤᠲᠠ ᠶᠢᠨ ᠪᠠᠢ ᠲᠠ ᠲᠣᠭᠤᠷᠢᠭ ᠤᠨ ᠵᠣᠴᠢᠳ ᠤᠨ ᠪᠠᠭᠤᠳᠠᠯ ᠤᠨ ᠭᠠᠯ ᠤᠨ ᠠᠶᠤᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠣᠷᠳᠣᠨ ᠤ ᠳᠣᠲᠣᠷᠠᠬᠢ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠯ ᠨᠣᠴᠣᠭᠠᠬᠤ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠬᠡᠷᠡᠭᠲᠡᠢ ᠭᠡᠵᠦ ᠵᠢᠭᠠᠵᠦ ᠭᠠᠷᠭᠠᠪᠠ᠃  ᠵᠤᠤ ᠳ᠋ᠠ ᠶᠦᠩ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠬᠤ ᠨᠢ ᠲᠦᠢᠯ ᠤᠨ ᠴᠢᠬᠤᠯᠠ ᠶᠤᠮ᠂ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠤᠨ ᠳᠣᠣᠷ᠎ᠠ ᠲᠦᠷᠭᠡᠨ᠂ ᠪᠦᠲᠦᠮᠵᠢᠲᠡᠢ ᠠᠷᠭᠠᠴᠠᠭᠠᠬᠤ ᠶᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠪᠠᠰᠠ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠲᠣᠬᠢᠷᠠᠭᠤᠯᠤᠨ 24 ᠴᠠᠭ ᠢᠶᠠᠷ ᠠᠵᠢᠯ ᠤᠨ ᠪᠠᠶᠢᠷᠢ ᠳᠤ ᠵᠢᠵᠢᠭᠦᠷᠯᠡᠭᠦᠯᠵᠦ᠂ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠰᠠᠭᠤᠳᠠᠯ ᠪᠠ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠵᠦ᠂ ᠤᠷᠳᠤᠨ ᠠᠴᠠ ᠢᠷᠡᠭᠰᠡᠨ ᠵᠤᠭᠠᠴᠠᠭᠰᠠᠳ ᠢ ᠠᠮᠤᠷ ᠲᠦᠪᠰᠢᠨ᠂ ᠪᠠᠶᠠᠷ ᠬᠥᠷ ᠲᠠᠢ᠂ ᠡᠶ᠎ᠡ ᠨᠠᠶᠢᠷᠠᠮᠳᠠᠭᠤ ︽5.1︾ ᠤ ᠠᠮᠠᠷᠠᠯᠲᠠ ᠶᠢ ᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠲᠢᠩᠬᠢᠮ ᠤᠨ ᠠᠯᠪᠠᠯᠠᠬᠤ ᠲᠣᠭᠤᠷᠢᠭ ᠤᠨ ᠡᠯ᠎ᠡ ᠲᠠᠯᠠᠪᠤᠷ ᠭᠠᠵᠠᠷ ᠢ ᠪᠠᠶᠢᠴᠠᠭᠠᠬᠤ ᠶᠠᠪᠤᠴᠠ ᠳᠤ᠂ ᠭᠦᠸᠧ ᠰᠢᠨ ᠢᠦᠶ ᠨᠠᠷ ᠴᠠᠬᠢᠯᠭᠠᠨ ᠱᠠᠲᠤ ᠶᠢᠨ ᠮᠠᠰᠢᠨ ᠤ ᠲᠠᠰᠤᠭ᠂ ᠭᠠᠯ ᠤᠨᠲᠠᠷᠠᠭᠠᠬᠤ ᠬᠢᠨᠠᠨ ᠡᠵᠡᠮᠳᠡᠬᠦ ᠲᠠᠰᠤᠭ᠂ ᠭᠠᠯ ᠤᠨᠲᠠᠷᠠᠭᠠᠬᠤ ᠬᠥᠭᠡᠷᠭᠡ ᠶᠢᠨ ᠲᠠᠰᠤᠭ᠂ ᠴᠠᠬᠢᠯᠭᠠᠨ ᠲᠦᠭᠡᠭᠡᠬᠦ ᠲᠠᠰᠤᠭ ᠵᠡᠷᠭᠡ ᠲᠠᠯᠠᠪᠤᠷ ᠭᠠᠵᠠᠷ ᠲᠤ ᠬᠦᠷᠴᠦ᠂ ᠴᠠᠬᠢᠯᠭᠠᠨ ᠱᠠᠳᠤ᠂ ᠬᠢᠨᠠᠨ ᠡᠵᠡᠮᠳᠡᠬᠦ᠂ ᠤᠰᠤ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠯᠲᠠ᠂ ᠣᠷᠣᠵᠤ ᠭᠠᠷᠬᠤ ᠳᠡᠩᠰᠡᠯᠡᠯᠲᠡ ᠶᠢᠨ ᠲᠡᠮᠳᠡᠭᠯᠡᠯ ᠢ ᠨᠠᠷᠢᠨ ᠬᠢᠨᠠᠮᠠᠭᠠᠶ ᠤᠷᠪᠠᠭᠤᠯᠤᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠭᠠᠵᠤ ᠭᠠᠷᠭᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ᠂ ᠴᠠᠬᠢᠯᠭᠠᠨ ᠬᠡᠢ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠡᠷᠡᠰ ᠬᠤᠷᠢᠭᠯᠠᠪᠠ᠃ ᠡᠭᠦᠨ ᠤ ᠬᠠᠮᠲᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠪᠠᠷᠢᠯᠭ᠎ᠠ ᠶᠢᠨ ᠠᠵᠢᠯ ᠤᠨ ᠲᠥᠷᠥᠯ ᠵᠦᠢᠯ ᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠬᠡᠶ ᠬᠡᠷᠡᠭᠯᠡᠬᠦ ᠶᠢ ᠲᠠᠰᠤ ᠵᠣᠭᠰᠣᠭᠠᠵᠤ᠂ ︽ᠭᠤᠤᠯᠳᠠᠯᠭ᠎ᠠ ᠲᠠᠢ ᠠᠵᠢᠯ ᠤᠨ ᠪᠠᠶᠢᠷᠢ ᠳᠤ ᠠᠵᠢᠯᠲᠠᠨ ᠳᠤᠲᠠᠬᠤ ᠥᠬᠡᠶ᠂ ᠠᠮᠤᠷ ᠲᠦᠪᠰᠢᠨ ᠤ ᠬᠠᠮᠢᠶᠠᠷᠤᠯᠲᠠ ᠳᠤ ᠠᠵᠢᠯᠲᠠᠨ ᠳᠤᠲᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠪᠠᠲᠤᠯᠠᠭ᠎ᠠ ᠶᠢᠨ ᠲᠢᠩᠬᠢᠮ ᠤᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ