ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠣᠯᠠᠨ ᠠᠷᠭ᠎ᠠ ᠬᠡᠮᠵᠢᠶ᠎ᠡ ᠠᠪᠴᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠬᠦᠮ ᠦᠵᠡᠭᠦᠯᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/7
  2025 ᠣᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ︽ᠠᠷᠠᠳ ᠲᠦᠮᠡᠨ ᠢᠶᠠᠷ ᠭᠤᠤᠯ ᠪᠣᠯᠭᠠᠬᠤ︾ ᠠᠵᠢᠯ ᠤᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ︽ᠦᠢᠯᠡᠴᠢᠯᠡᠭᠡ︾ ᠪᠠ ︽ᠦᠷ᠎ᠡ ᠪᠦᠲᠦᠮᠵᠢ︾ ᠭᠡᠬᠦ ᠬᠤᠶᠠᠷ ᠶᠡᠭᠡ ᠭᠤᠤᠯ ᠰᠡᠳᠦᠪ ᠤᠨ ᠲᠣᠭᠤᠷᠢᠨ ᠳᠤ ᠠᠵᠢᠯ ᠤᠨ ᠲᠣᠭᠲᠠᠴᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃  ︽ᠲᠠᠪᠴᠠᠩ ᠪᠠᠶᠢᠭᠤᠯᠵᠤ︾᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠨᠠᠩ ᠵᠢᠷᠤᠮᠵᠢᠭᠤᠯᠪᠠ᠃ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ︾ ᠲᠠᠪᠴᠠᠩ ᠢ ᠭᠦᠢᠴᠡᠳ ᠠᠰᠢᠭᠯᠠᠨ᠂ ᠰᠦᠯᠵᠢᠶᠡᠨ ᠳᠡᠭᠡᠷ᠎ᠡ᠂ ᠠᠯᠠᠭᠠᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠲᠤᠭ᠎ᠠ ᠪᠠᠷᠢᠮᠲᠠ ᠪᠠᠷ ᠡᠨᠧᠷᠭᠢ ᠣᠯᠭᠤᠬᠤ ᠪᠠᠷ ᠳᠠᠮᠵᠢᠭᠤᠯᠤᠨ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠵᠡᠷᠭᠡ ᠪᠠᠷ ᠭᠦᠢᠴᠡᠳᠭᠡᠬᠦ︾ ᠵᠢᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠶᠢ ᠭᠦᠨᠵᠡᠭᠡᠶ ᠠᠭᠤᠰᠤᠯᠴᠠᠭᠤᠯᠬᠤ ᠶᠢ ᠪᠡᠶᠡᠯᠡᠭᠦᠯᠵᠦ᠂ ︽ᠨᠢᠭᠡ ᠴᠣᠩᠬᠤᠪᠴᠢ᠂ ᠨᠢᠭᠡ ᠢᠵᠢ ᠮᠠᠲ᠋ᠧᠷᠢᠶᠠᠯ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ︾ ᠪᠠ ᠭᠠᠶᠢᠯᠢ ᠰᠦᠢᠳᠭᠡᠯ ᠲᠤᠰᠢᠶᠠᠬᠤ ︽ᠨᠢᠭᠡ ᠺᠣᠳ᠋ ︵ᠺᠠᠷᠲ︶ ᠢ ᠦᠨᠡᠨ ᠬᠦ ᠲᠣᠳᠣᠷᠬᠠᠶ ᠪᠣᠯᠭᠠᠬᠤ ᠶᠢ ᠦᠨᠡᠨ ᠬᠦ ᠪᠡᠶᠡᠯᠡᠭᠦᠯᠪᠡ᠃  ︽ᠬᠠᠰᠤᠬᠤ ᠠᠷᠭ᠎ᠠ ᠶᠢ ᠬᠡᠷᠡᠭᠯᠡᠵᠦ︾ ᠂ ᠳᠠᠩᠰᠠᠯᠠᠬᠤ ᠭᠤᠭᠴᠤᠭ᠎ᠠ ᠶᠢ ᠨᠠᠩ ᠴᠤᠮᠬᠠᠳᠬᠠᠪᠠ᠃ ᠢᠨᠲ᠋ᠧᠷ ᠰᠦᠯᠵᠢᠶᠡᠨ ᠤ ︽ᠨᠢᠭᠡ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠬᠡᠬᠦ︾ ᠲᠠᠪᠴᠠᠩ ᠳᠤ ᠲᠦᠰᠢᠭᠯᠡᠨ᠂ ᠰᠢᠯᠵᠢᠭᠦᠯᠦᠨ ᠳᠠᠩᠰᠠᠯᠠᠬᠤ ︽ᠤᠷᠲᠤᠳᠬᠠᠨ ᠭᠦᠢᠴᠡᠳᠬᠡᠬᠦ︾᠂ ᠤᠰᠤ ᠴᠠᠬᠢᠯᠭᠠᠨ ᠰᠢᠲᠠᠮᠠᠬᠠᠶ ᠬᠡᠶ ᠬᠤᠯᠪᠣᠭᠠᠯᠠᠨ ᠬᠥᠳᠡᠯᠦᠯᠴᠡᠵᠦ ᠡᠷᠦᠬᠡ ᠰᠢᠯᠵᠢᠭᠦᠯᠬᠦ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾᠂ ᠪᠠᠷᠢᠴᠠᠭᠠᠯᠠᠬᠤ ᠳᠠᠩᠰᠠᠯᠠᠯᠲᠠ ᠶᠢᠨ ︽ᠠᠭᠤᠯᠵᠠᠬᠤ ᠦᠭᠡᠢ ᠪᠠᠷ ᠭᠦᠢᠴᠡᠳᠬᠡᠬᠦ︾᠂ ᠭᠠᠵᠠᠷ ᠲᠤᠰᠢᠶᠠᠮᠠᠭᠴᠠ ᠳᠠᠷᠤᠢ ᠦᠨᠡᠮᠯᠡᠯ ᠣᠯᠭᠤᠬᠤ ︽ᠵᠡᠷᠭᠡ ᠪᠠᠷ ᠭᠦᠢᠴᠡᠳᠬᠡᠬᠦ︾ ᠶᠢ ᠢᠳᠡᠪᠬᠢᠲᠡᠶ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠴᠣᠮᠬᠠᠳᠬᠠᠬᠤ᠂ ᠣᠶᠤᠨᠴᠢ ᠬᠢᠨᠠᠨ ᠬᠠᠷᠭᠤᠭᠤᠯᠬᠤ ᠵᠢᠴᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ ᠤᠨ ᠳᠠᠩᠰᠠᠯᠠᠬᠤ ᠥᠪᠡᠷ ᠤᠨ ᠥᠷᠲᠡᠭ ᠢ ᠪᠠᠭᠤᠷᠠᠭᠤᠯᠪᠠ᠃  ︽ᠬᠦᠴᠢᠷ ᠠᠰᠠᠭᠤᠳᠠᠯ ᠢ ᠰᠢᠢᠳᠪᠦᠷᠢᠯᠡᠵᠦ︾᠂ ᠦᠢᠯᠡᠴᠢᠯᠡᠬᠦ ᠡᠲᠡᠭᠡᠳ ᠢ ᠨᠡᠩ ᠰᠡᠳᠬᠢᠯ ᠬᠠᠨᠤᠮᠵᠢᠲᠠᠢ ᠪᠣᠯᠭᠠᠪᠠ᠃ ᠬᠦᠴᠦ ᠪᠠᠨ ᠲᠥᠪᠯᠡᠷᠡᠭᠦᠯᠦᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠪᠣᠯᠲᠠᠯ᠎ᠠ᠂ ᠤᠷᠢᠳ ᠬᠤᠵᠢᠳ 10 ᠲᠡᠤᠬᠡᠨ ᠠᠴᠠ ᠦᠯᠡᠳᠡᠭᠳᠡᠵᠦ ᠢᠷᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠦᠢᠴᠡᠳᠬᠡᠵᠦ᠂ 7 ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠲᠤ ︽ᠭᠠᠵᠠᠷ ᠲᠤᠰᠢᠶᠠᠮᠠᠭᠴᠠ ᠳᠠᠷᠤᠢ ᠦᠨᠡᠮᠯᠡᠯ ᠣᠯᠭᠤᠬᠤ︾ ᠶᠢ  ᠥᠷᠨᠢᠭᠦᠯᠵᠦ᠂ ᠰᠢᠨ᠎ᠡ ᠪᠠᠷ ᠪᠠᠶᠢᠭᠤᠯᠤᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ 2 ᠲᠥᠷᠥᠯ ᠵᠦᠢᠯ ᠤᠨ 1200 ᠢᠵᠢ ᠬᠡᠷ ᠪᠠᠶᠢᠰᠢᠩ ᠳᠤ ︽ᠬᠡᠷ ᠪᠠᠶᠢᠰᠢᠩ ᠲᠤᠰᠢᠶᠠᠮᠠᠭᠴᠠ ᠳᠠᠷᠤᠶ ᠦᠨᠡᠮᠯᠡᠯ ᠣᠯᠭᠤᠬᠤ︾ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠪᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠪᠡ᠃  ᠲᠠᠷᠠᠭᠠᠴᠢ ᠶᠢᠨ ᠠᠯᠬᠤᠮ ᠳᠤ᠂ ᠪᠠᠭᠠᠷᠢᠨ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠶᠠᠪᠤᠳᠠᠯ︾ ᠢ ᠰᠠᠶᠢᠲᠤᠷ ᠬᠢᠬᠦ ᠪᠠᠷ ᠬᠠᠷᠠᠯᠲᠠ ᠪᠣᠯᠭᠠᠵᠤ᠂ ᠪᠠᠷᠢᠮᠵᠢᠶ᠎ᠠ ᠲᠠᠢ ᠬᠠᠷᠭᠤᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠬᠦᠮ ᠦᠵᠡᠭᠦᠯᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ