| ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠶᠢᠮᠠᠭ᠂ ᠮᠠᠨᠵᠤᠤᠷ | ᠬᠤᠲᠠ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠢᠨᠠᠨ | ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ | ᠳᠠᠷᠤᠭ᠎ᠠ ᠸᠠᠩ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ 2025 ᠣᠨ ᠤ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯᠠᠬᠢ ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠪᠠ ᠳᠣᠯᠣᠳᠤᠭᠠᠷ ᠤᠳᠠᠭᠠᠨ ᠤ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠵᠠᠷᠯᠠᠨ | ᠮᠡᠳᠡᠭᠳᠡᠪᠡ᠃ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠭᠠᠵᠠᠷ ᠬᠡᠷᠡᠭᠯᠡᠬᠦ ᠶᠢᠨ ᠲᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠪᠠ ᠬᠢᠨᠠᠨ ᠪᠠᠶᠢᠴᠠᠭᠠᠬᠤ ᠳᠤᠮᠳᠠᠬᠢ ᠡᠯ᠎ᠡ ᠭᠤᠭᠴᠤᠭ᠎ᠠ ᠶᠢᠨ | ᠬᠦᠴᠢᠷ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠪᠠ ᠬᠢᠨᠠᠨ ᠪᠠᠶᠢᠴᠠᠭᠠᠬᠤ | ᠭᠤᠭᠴᠤᠭ᠎ᠠ ᠳᠤ ᠬᠡᠷᠡᠭᠯᠡᠬᠦ ᠴᠠᠭ ᠨᠢ ᠨᠡᠯᠢᠶᠡᠳ ᠣᠷᠳᠣ ᠪᠠᠶᠢᠬᠤ ᠠᠰᠠᠭᠤᠳᠠᠯ ᠢ ᠨᠠᠷᠢᠨ ᠨᠢᠮᠪᠠᠶ ᠡᠮᠬᠢᠯᠡᠬᠦ ᠶᠢᠨ ᠬᠠᠮᠲᠤ᠂ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠬᠦ ᠲᠣᠭᠤᠷᠢᠨ ᠳᠤ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠭᠤᠣᠯ ᠬᠠᠷᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠬᠢᠨᠠᠨ | ᠵᠥᠪᠰᠢᠶᠡᠷᠡᠬᠦ ᠬᠤᠷᠳᠤᠴᠠ ᠶᠢ ᠲᠠᠬᠢᠨ ᠲᠦᠷᠭᠡᠳᠬᠡᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠡᠬᠢ ᠡᠭᠦᠰᠦᠯ ᠠᠴᠠ ᠨᠢ ᠴᠢᠩᠭ᠎ᠠ ᠠᠩᠬᠠᠷᠴᠤ᠂ | ᠤᠷᠢᠳᠴᠢᠯᠠᠨ ᠦᠢᠯᠡᠴᠢᠯᠡᠵᠦ᠂ ᠭᠠᠵᠠᠷ ᠰᠢᠷᠣᠶ ᠲᠠᠲᠠᠪᠤᠷᠢᠯᠠᠬᠤ ᠡᠮᠦᠨᠡᠬᠢ ᠬᠤᠭᠤᠴᠠᠭᠠᠨ ᠤ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠡᠪᠬᠡᠮᠡᠯ ᠪᠠᠶᠢᠭᠤᠯᠬᠤ ᠴᠠᠭ ᠢ ᠦᠷᠭᠦᠯᠵᠢᠯᠡᠨ ᠪᠠᠭᠠᠰᠬᠠᠵᠤ᠂ ᠡᠪᠬᠡᠮᠡᠯ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠠᠶᠢᠮᠠᠭ | ᠬᠤᠲᠠ ᠶᠢᠨ ᠬᠢᠨ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠨ ᠪᠠᠶᠢᠴᠠᠭᠠᠬᠤ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠦᠢᠯᠡᠴᠢᠯᠡᠭᠡ ᠨᠢ ᠬᠡᠷᠡᠭᠴᠡᠭᠡ ᠪᠠᠨ ᠳᠠᠭᠠᠬᠤ ᠶᠢ ᠪᠠᠷᠢᠮᠲᠠᠯᠠᠨ᠂ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠵᠦ᠂ ︽ᠭᠤᠷᠪᠠᠨ ᠱᠠᠲᠤ ᠬᠠᠮᠲᠤᠷᠠᠨ ᠬᠢᠨᠠᠬᠤ︾ ᠴᠢᠳᠠᠮᠵᠢ ᠶᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠠᠷᠭ᠎ᠠ ᠵᠠᠮ ᠢᠶᠠᠷ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ︽ᠬᠦᠷᠦᠯᠴᠡᠬᠦ ᠥᠬᠡᠶ ᠲᠠᠯ᠎ᠠ ᠪᠠᠨ ᠮᠡᠳᠡᠵᠦ ᠡᠷᠡᠯᠬᠡᠭᠯᠡᠨ | ᠤᠷᠤᠭᠰᠢᠯᠠᠵᠤ᠂ ᠠᠯᠤᠰ ᠢ ᠪᠠᠷᠠᠯᠠᠨ ᠤᠷᠤᠭᠰᠢᠯᠠᠬᠤ︾ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠰᠡᠳᠬᠢᠬᠦᠶ ᠪᠠᠷ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠭᠤᠤᠯᠳᠠᠯᠭ᠎ᠠ ᠶᠢ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠡᠯ᠎ᠡ | ᠵᠠᠩᠭᠢᠯᠠᠭ᠎ᠠ ᠶᠢᠨ ᠴᠡᠭ ᠤᠨ ᠳᠠᠯᠳᠠ ᠭᠡᠮ ᠪᠠ ᠪᠠᠬᠢᠯᠡᠯᠲᠡ ᠶᠢ ᠨᠡᠪᠲᠡᠷᠡᠭᠦᠯᠬᠦ ᠬᠡᠷᠡᠭᠲᠡᠶ︔ ᠭᠠᠵᠠᠷ ᠬᠡᠷᠡᠭᠯᠡᠬᠦ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠴᠦ᠂ ᠭᠠᠵᠠᠷ ᠬᠡᠷᠡᠭᠯᠡᠬᠦ ᠠᠵᠤ ᠠᠬᠤᠶᠢᠯᠠᠯ ᠳᠤ ︽ᠰᠡᠳᠬᠢᠯ ᠠᠮᠤᠷ᠂ ᠰᠠᠨᠠᠭ᠎ᠠ ᠠᠮᠤᠷ᠂ ᠤᠷᠤᠭᠰᠢᠲᠠᠶ ᠪᠠᠶᠢᠬᠤ︾ ᠶᠢ | ᠦᠨᠡᠨ ᠬᠦ ᠮᠡᠳᠡᠷᠡᠭᠦᠯᠵᠦ᠂ ᠭᠠᠵᠠᠷ ᠬᠡᠷᠡᠭᠯᠡᠬᠦ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠲᠣᠪᠴᠢᠶ᠎ᠠ ᠶᠢᠨ | ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃ | |