ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ | ᠪᠣᠯᠤᠨ᠎ᠠ᠂ ᠲᠤᠬᠠᠶ ᠶᠢᠨ ᠡᠳᠦᠷ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — | ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠭᠤᠤᠯ ᠰᠡᠳᠦᠪ ᠤᠨ ᠲᠣᠭᠤᠷᠢᠨ ᠳᠤ᠂ ᠪᠥᠬᠦ ᠠᠷᠠᠳ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠪᠠᠷ ᠬᠠᠷᠠᠯᠲᠠ ᠪᠣᠯᠭᠠᠵᠤ᠂ ᠪᠣᠰᠤᠭ᠎ᠠ ᠴᠣᠭᠴᠠᠲᠤ ᠤᠬᠠᠭᠤᠯᠭ᠎ᠠ ᠶᠢᠨ ᠵᠠᠭᠪᠤᠷ ᠢ ᠬᠡᠷᠡᠭᠯᠡᠨ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠭᠤᠣᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠦᠵᠡᠭᠦᠯᠭᠡ ᠶᠢᠨ ᠰᠠᠮᠪᠠᠷ᠎ᠠ ᠡᠯᠭᠦᠬᠦ᠂ ᠵᠢᠷᠤᠭ ᠪᠢᠴᠢᠭ ᠤᠨ ᠭᠠᠷ ᠳᠡᠪᠲᠡᠷ ᠲᠠᠷᠬᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠮᠠᠳᠠᠭ ᠲᠠᠢ | ᠠᠰᠠᠭᠤᠳᠠᠯ ᠢ ᠬᠠᠷᠢᠭᠤᠯᠬᠤ ᠵᠡᠷᠭᠡ ᠶᠢ ᠥᠷᠨᠢᠭᠦᠯᠵᠦ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠡᠢ᠃ ᠨᠠᠷᠢᠨ | ᠨᠢᠮᠪᠠᠶ ᠵᠢᠷᠤᠵᠤ ᠲᠥᠯᠥᠪᠯᠡᠭᠰᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ ᠶᠢᠨ ᠰᠠᠮᠪᠠᠷ᠎ᠠ ᠶᠢᠨ ᠡᠮᠬᠢ ᠵᠢᠷᠤᠮ ᠲᠠᠢ ᠪᠠᠷ ᠳᠡᠯᠭᠡᠨ ᠦᠵᠡᠭᠦᠯᠵᠦ᠂ | ᠰᠢᠭᠤᠳ ᠠᠵᠢᠭᠯᠠᠬᠤ ᠵᠢᠷᠤᠭ ᠪᠣᠯᠤᠨ ᠠᠮᠢᠳᠤᠯᠢᠭ ᠵᠢᠷᠤᠭ ᠢᠶᠠᠷ ᠳᠠᠮᠵᠢᠭᠤᠯᠤᠨ᠂ ᠭᠠᠵᠠᠷ ᠤᠨ ᠭᠠᠶ ᠭᠠᠮᠰᠢᠭ ᠤᠨ ᠰᠢᠯᠲᠠᠭᠠᠨ᠂ ᠤᠷᠢᠳᠴᠢᠯᠠᠨ ᠰᠡᠷᠡᠮᠵᠢᠯᠡᠭᠦᠯᠬᠦ | ᠳᠣᠬᠢᠶ᠎ᠠ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠶᠢ ᠬᠢᠯᠪᠠᠷ ᠣᠶᠢᠯᠠᠭᠠᠮᠵᠢᠲᠠᠶ ᠬᠠᠷᠠᠭᠠᠨ ᠰᠡᠷᠡᠯ ᠤᠨ ᠦᠭᠡ ᠬᠡᠯᠡ ᠪᠣᠯᠭᠠᠨ ᠬᠤᠪᠢᠷᠠᠭᠤᠯᠪᠠ᠃ ᠤᠬᠠᠭᠤᠯᠭ᠎ᠠ ᠶᠢᠨ | ᠭᠠᠷ ᠳᠡᠪᠲᠡᠷ ᠪᠣᠯᠤᠨ ᠤᠬᠠᠭᠤᠯᠭ᠎ᠠ ᠶᠢᠨ ᠬᠡᠷᠡᠭᠰᠡᠯ ᠨᠢ ᠨᠡᠶᠢᠲᠡᠯᠢᠭ ᠭᠠᠵᠠᠷ ᠰᠢᠨᠵᠢᠯᠡᠭᠡᠨ ᠤ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠶᠡᠭᠦᠷᠡᠬᠦ᠂ | ᠰᠢᠪᠠᠷ ᠴᠢᠯᠠᠭᠤᠨ ᠤ ᠤᠷᠤᠰᠬᠠᠯ᠂ ᠭᠠᠵᠠᠷ ᠬᠥᠳᠡᠯᠦᠯᠲᠡ ᠵᠡᠷᠭᠡ ᠠᠳᠠᠯᠢ ᠪᠤᠰᠤ ᠭᠠᠵᠠᠷ ᠰᠢᠨᠵᠢᠯᠡᠭᠡᠨ ᠤ ᠭᠠᠮᠰᠢᠭ ᠢ ᠢᠯᠭᠠᠨ ᠲᠠᠨᠢᠵᠤ ᠰᠡᠷᠡᠮᠵᠢᠯᠡᠭᠦᠯᠬᠦ᠂ ᠠᠶᠤᠯ ᠠᠴᠠ | ᠵᠠᠶᠢᠯᠠᠵᠤ ᠠᠮᠢ ᠵᠢᠭᠤᠲᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠭᠤᠣᠯᠳᠠᠯᠭ᠎ᠠ ᠶᠢ ᠲᠠᠶᠢᠯᠪᠤᠷᠢᠯᠠᠵᠤ᠂ ᠭᠠᠵᠠᠷ ᠰᠢᠨᠵᠢᠯᠡᠭᠡᠨ ᠤ ᠭᠠᠮᠰᠢᠭ ᠢ | ᠰᠡᠷᠭᠡᠶᠢᠯᠡᠨ ᠵᠠᠰᠠᠬᠤ ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠠᠯ᠎ᠠ ᠠᠴᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ | ᠪᠥᠬᠦ ᠠᠷᠠᠳ ᠤᠨ ᠠᠶᠤᠯ ᠲᠦᠭᠰᠢᠭᠦᠷᠢ ᠶᠢᠨ ᠦᠵᠡᠯ ᠤᠬᠠᠮᠰᠠᠷ ᠪᠠ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ | ᠨᠡᠶᠢᠲᠡ ᠶᠢᠨ ᠭᠠᠵᠠᠷ ᠤᠨ ᠭᠠᠶ ᠭᠠᠮᠰᠢᠭ ᠢ ᠠᠷᠭᠠᠴᠠᠭᠠᠬᠤ ᠴᠢᠳᠠᠪᠤᠷᠢ ᠶᠢ ᠰᠢᠰᠲ᠋ᠧᠮ ᠲᠠᠢ ᠴᠢᠩᠭᠠᠷᠠᠭᠤᠯᠵᠤ᠂ ᠭᠠᠮᠰᠢᠭ ᠠᠴᠠ ᠡᠮᠦᠨ᠎ᠡ ᠠᠶᠤᠯ ᠠᠴᠠ ᠵᠠᠶᠢᠯᠠᠵᠤ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠲᠠᠯ᠎ᠠ ᠲᠠᠯ᠎ᠠ ᠶᠢᠨ ᠰᠣᠯᠢᠯᠴᠠᠭ᠎ᠠ ᠪᠠ ᠤᠬᠠᠭᠤᠯᠭ᠎ᠠ ᠨᠢ | ᠪᠠᠰᠠ ᠤᠯᠠᠨ ᠨᠡᠶᠢᠲᠡ ᠶᠢᠨ ᠭᠠᠵᠠᠷ ᠤᠨ ᠭᠠᠮᠰᠢᠭ ᠤᠨ ᠣᠨᠴᠠᠯᠢᠭ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ | ᠲᠡᠭᠦᠨ ᠤ ᠳᠡᠷᠭᠡᠳᠡᠬᠢ ᠭᠠᠮᠰᠢᠭ ᠤᠨ ᠳᠠᠯᠳᠠ ᠭᠡᠮ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠬᠤ ᠢᠳᠡᠪᠬᠢᠵᠢᠯ ᠢ ᠬᠥᠭᠵᠢᠭᠡᠵᠦ᠂ ︽ᠬᠥᠮᠦᠨ ᠪᠦᠬᠦᠨ | ᠣᠷᠣᠯᠴᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ︾ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨ᠎ᠡ ᠪᠠᠶᠢᠷᠢᠰᠢᠯ ᠤᠨ | ᠪᠦᠷᠢᠯᠳᠦᠯ ᠢ ᠬᠦᠴᠦᠲᠡᠢ ᠠᠬᠢᠭᠤᠯᠵᠤ᠂ ᠦᠨᠳᠦᠰᠦᠨ ᠱᠠᠲᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | |