ᠣᠷᠳᠣᠰ ᠬᠤᠲᠠ ᠶᠢᠨ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠰᠢᠯᠢᠳᠡᠭᠵᠢᠭᠦᠯᠵᠦ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠬᠤ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/5/13
   ᠣᠷᠳᠣᠰ ᠬᠤᠲᠠ ᠶᠢᠨ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠰᠠᠭᠤᠷᠢᠯᠠᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ ᠪᠦᠰᠡ ᠠᠯᠤᠰᠯᠠᠨ ᠬᠠᠮᠵᠢᠯᠴᠠᠬᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠳ᠋ᠡᠶᠢᠲ᠋ᠠ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠬᠤᠤᠰ ᠳᠡᠭᠡᠭᠰᠢᠯᠡᠯᠲᠡ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠨᠡᠶᠢᠲᠡ 13354 ᠪᠡᠶᠡᠯᠡᠭᠦᠯᠵᠦ᠂ ᠣᠷᠣᠨ ᠰᠠᠭᠤᠴᠠ ᠶᠢᠨ ᠭᠠᠵᠠᠷ ᠤᠨ ︽ᠬᠡᠷ ᠪᠠᠶᠢᠰᠢᠩ ᠭᠠᠵᠠᠷ ᠢ ᠨᠢᠭᠡ ᠴᠤᠭᠴᠠᠵᠢᠭᠤᠯᠬᠤ︾ ᠦᠨᠡᠮᠯᠡᠯ ᠢ 1.4 ᠲᠦᠮᠡᠨ ᠳᠡᠪᠲᠡᠷ ᠣᠯᠭᠤᠵᠤ᠂ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠡᠯᠧᠺᠲᠷᠣᠨ ᠳ᠋ᠡᠶᠢᠲ᠋ᠠ ᠶᠢ 68794 ᠵᠤᠷᠪᠤᠰ ᠡᠮᠬᠢᠯᠡᠨ ᠨᠡᠶᠢᠯᠡᠭᠦᠯᠪᠡ᠃  ᠮᠤᠵᠢ ᠠᠯᠤᠰᠯᠠᠨ ᠨᠡᠶᠢᠳᠡᠮ ᠭᠦᠢᠴᠡᠳᠬᠡᠬᠦ ᠪᠠᠬᠢᠯᠡᠯᠲᠡ ᠶᠢ ᠡᠪᠳᠡᠨ᠂ ᠣᠷᠣᠨ ᠪᠦᠰᠡ ᠬᠠᠮᠵᠢᠯᠴᠠᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠱᠠᠨᠰᠢ ᠮᠤᠵᠢ ᠶᠢᠨ ᠲᠡᠮᠡᠭᠡᠲᠦ ᠬᠤᠲᠠ᠂ ᠬᠥᠬᠡᠬᠤᠲᠠ ᠯᠤᠭ᠎ᠠ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠬᠦ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠵᠢᠯᠴᠠᠨ ᠭᠦᠢᠴᠡᠳᠬᠡᠬᠦ ᠴᠤᠪᠤᠷᠠᠯ ᠢᠶᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠪᠤᠴᠠᠵᠤ ᠭᠦᠶᠦᠬᠦ︾ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃  ᠳᠠᠩᠰᠠᠯᠠᠬᠤ ᠦᠢᠯᠡᠴᠢᠯᠡᠭᠡ ᠶᠢ ᠲᠠᠬᠢᠨ ᠲᠡᠰ ᠳᠡᠪᠰᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠥᠳᠡᠯᠭᠡᠬᠦ ᠬᠦᠴᠦᠨ ᠢ ᠨᠡᠮᠡᠭᠳᠡᠭᠦᠯᠪᠡ᠃ ︽ᠵᠠᠰᠠᠭ ᠤᠨ ᠣᠷᠳᠣᠨ ᠤ ᠠᠯᠪᠠᠨ ᠭᠡᠷᠡᠴᠢᠯᠡᠭᠡ ᠬᠤᠳᠠᠯᠳᠤᠨ ᠠᠪᠬᠤ︾᠂ ︽ᠭᠡᠷ ᠲᠤᠰᠢᠶᠠᠮᠠᠭᠴᠠ ᠳᠠᠷᠤᠢ ᠳᠤᠨᠢ ᠦᠨᠡᠮᠯᠡᠯ ᠢ ᠨᠢ ᠲᠤᠰᠢᠶᠠᠬᠤ︾᠂ ︽ᠳᠠᠷᠤᠢ ᠴᠣᠬᠤᠯᠠᠪᠤᠷᠢᠯᠠᠵᠦ ᠳᠠᠷᠤᠢ ᠭᠠᠷᠬᠤ︾ ᠵᠡᠷᠭᠡ 6 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ 27 ᠮᠥᠩᠭᠦᠨ ᠭᠦᠢᠯᠭᠡᠭᠡᠨ ᠤ ᠲᠣᠤᠷ ᠴᠡᠭ ᠢ ᠬᠠᠮᠤᠷᠬᠤ ᠶᠢ ᠪᠡᠶᠡᠯᠡᠭᠦᠯᠵᠦ᠂ 2 ᠬᠤᠪᠢ ︽ᠪᠠᠷᠢᠴᠠᠭ᠎ᠠ ᠠᠪᠴᠦ ᠡᠷᠦᠬᠡ ᠰᠢᠯᠵᠢᠭᠦᠯᠬᠦ︾ ᠭᠠᠷ ᠭᠦᠢᠴᠡᠳᠬᠡᠯ ᠢ ᠭᠦᠢᠴᠡᠳᠬᠡᠵᠦ᠂ 27 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ 2668 ᠢᠵᠢ ᠲᠠᠸᠠᠷ ᠤᠨ ᠭᠡᠷ ᠪᠠᠶᠢᠰᠢᠩ ᠤᠨ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠷᠦᠬᠡ ᠬᠤᠪᠢᠶᠠᠨ 1852 ᠢᠵᠢ ᠳᠠᠩᠰᠠᠯᠠᠯ ᠢ ᠪᠡᠶᠡᠯᠡᠭᠦᠯᠪᠡ᠃  ᠡᠷᠬᠡ ᠶᠢ ᠨᠤᠲᠠᠯᠠᠨ ᠳᠡᠩᠰᠡᠯᠡᠵᠦ ᠰᠠᠭᠤᠷᠢ ᠶᠢ ᠪᠠᠲᠤᠳᠬᠠᠵᠤ᠂ ᠳ᠋ᠡᠶᠢᠲ᠋ᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠠᠬᠢᠭᠤᠯᠪᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠲᠣᠭᠲᠠᠭᠠᠵᠤ ᠳᠠᠩᠰᠠᠯᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠠᠷᠴᠠ ᠶᠢᠨ ᠬᠠᠮᠠᠭᠠᠯᠠᠯᠲᠠ ᠶᠢᠨ ᠣᠷᠣᠨ ᠵᠡᠷᠭᠡ 3 ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠨᠢᠭᠡᠴᠢ ᠶᠢᠨ ᠵᠠᠭᠠᠭ ᠬᠢᠵᠠᠭᠠᠷ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠪᠠᠶᠢᠴᠠᠭᠠᠯᠲᠠ ᠬᠢᠵᠦ ᠬᠡᠮᠵᠢᠨ ᠵᠢᠷᠤᠬᠤ ᠠᠵᠢᠯ ᠢ ᠡᠬᠢᠯᠡᠭᠦᠯᠵᠦ᠂ ᠭᠠᠵᠠᠷ ᠰᠢᠷᠣᠢ ᠶᠢᠨ ᠲᠦᠷᠦᠯ ᠳᠠᠪᠬᠤᠷᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠪᠡ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠵᠡᠷᠭᠡ ᠡᠯᠧᠺᠲᠷᠣᠨ ᠳ᠋ᠡᠶᠢᠲ᠋ᠠ ᠶᠢ 68794 ᠵᠤᠷᠪᠤᠰ ᠡᠮᠬᠢᠯᠡᠨ ᠨᠡᠶᠢᠯᠡᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠴᠢᠳᠠᠪᠤᠷᠢ ᠢᠯᠡᠳᠲᠡ ᠳᠡᠭᠡᠭᠰᠢᠯᠡᠵᠦ᠂ ᠲᠠᠷᠠᠭᠠᠴᠢ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠪᠠ᠃  ᠲᠠᠷᠠᠭᠠᠴᠢ ᠶᠢᠨ ᠠᠯᠬᠤᠮ ᠳᠤ᠂ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠶ ᠰᠢᠭᠤᠶ ᠶᠢᠨ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠡᠯᠧᠺᠲᠷᠣᠨ ᠳ᠋ᠡᠶᠢᠲ᠋ᠠ ᠶᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠠᠮᠲᠤᠷᠠᠯᠴᠠᠭᠠᠨ ᠤ ᠣᠷᠣᠨ ᠪᠦᠰᠡ ᠶᠢ ᠦᠷᠭᠦᠯᠵᠢᠯᠡᠨ ᠥᠷᠭᠡᠳᠬᠡᠵᠦ᠂ ᠳᠡᠩᠰᠡᠯᠡᠨ ᠲᠡᠮᠳᠡᠭᠯᠡᠬᠦ ᠲᠥᠷᠥᠯ ᠬᠡᠯᠪᠡᠷᠢ ᠶᠢ ᠰᠢᠯᠢᠳᠡᠭᠵᠢᠭᠦᠯᠦᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠡᠩᠨᠡᠭᠡ ᠶᠢᠨ ᠰᠤᠷᠲᠠᠯ ᠤᠨ ᠪᠠᠶᠢᠩᠭᠤᠵᠢᠭᠰᠠᠨ ᠪᠠᠶᠢᠭᠤᠯᠤᠯᠲᠠ ᠶᠢ  ᠭᠦᠨᠵᠡᠭᠡᠶᠢᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠴᠣᠩᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 
ᠢᠷᠡᠯᠲᠡ᠄ ᠤᠷᠳᠤᠰ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ