5 ᠳ᠋ᠤᠭᠠᠷ ᠰᠠᠷ᠎ᠠ ᠶᠢᠨ 12 ᠤᠨ ᠡᠳᠦᠷ ᠪᠣᠯ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ︽ | ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠳᠡᠷᠭᠡᠳᠡᠬᠢ ᠭᠠᠮᠰᠢᠭ ᠤᠨ ᠳᠠᠯᠳᠠ ᠬᠡᠮ ᠢ | ᠪᠠᠶᠢᠴᠠᠭᠠᠬᠤ︾ ᠪᠠᠷ ᠭᠤᠤᠯ ᠰᠡᠳᠦᠪ ᠪᠤᠯᠭᠠᠪᠠ᠃ 5 ᠳ᠋ᠤᠭᠠᠷ ᠰᠠᠷ᠎ᠠ ᠶᠢᠨ 12 ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠭᠤᠤᠯ ᠰᠡᠳᠦᠪ ᠤᠨ ᠲᠣᠭᠤᠷᠢᠨ ᠳᠤ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢᠨ ᠬᠠᠮᠲᠤ ᠨᠠᠷᠢᠨ ᠨᠢᠮᠪᠠᠶ | ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠭᠠᠵᠠᠷ ᠤᠨ ᠭᠠᠶ ᠭᠠᠮᠰᠢᠭ ᠤᠨ ᠲᠥᠷᠥᠯ ᠬᠡᠯᠪᠡᠷᠢ ᠪᠠ ᠤᠷᠢᠲᠠᠯ ᠰᠢᠨᠵᠢ | ᠲᠡᠮᠳᠡᠭ ᠢ ᠢᠯᠭᠠᠨ ᠲᠠᠨᠢᠬᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠠᠷᠭ᠎ᠠ ᠮᠠᠶ᠋ᠢᠭ ᠪᠠ ᠤᠷ᠎ᠠ ᠮᠡᠷᠭᠡᠵᠢᠯ ᠵᠡᠷᠭᠡ ᠬᠡᠷᠡᠭᠯᠡᠭᠡᠨ ᠤ ᠮᠡᠳᠡᠯᠭᠡ ᠶᠢ | ᠲᠦᠭᠡᠮᠡᠯᠵᠢᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ | ᠲᠦᠮᠡᠨ ᠢ ᠪᠦᠲᠦᠮᠵᠢᠲᠡᠶ ᠪᠠᠷ ᠬᠠᠪᠰᠤᠷᠤᠨ ᠭᠠᠮᠰᠢᠭ ᠤᠨ ᠠᠶᠤᠯ ᠲᠦᠭᠰᠢᠭᠦᠷᠢ ᠵᠢᠴᠢ ᠠᠷᠭᠠᠴᠠᠭᠠᠬᠤ ᠠᠷᠭ᠎ᠠ ᠶᠢ ᠰᠢᠭᠤᠳ ᠣᠶᠢᠯᠠᠭᠠᠭᠤᠯᠪᠠ᠃ ᠡᠭᠦᠨ ᠤ ᠬᠠᠮᠲᠤ᠂ | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠯ᠎ᠡ ᠬᠤᠰᠢᠭᠤ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢ ᠵᠡᠷᠭᠡ ᠪᠠᠷ ᠵᠣᠬᠢᠶᠠᠨ ᠪᠠᠶᠢᠭᠤᠯᠤᠨ ᠲᠣᠰ ᠬᠤᠰᠢᠭᠤ ᠰᠢᠶᠠᠨ ᠤ ᠬᠡᠪᠴᠢᠶᠡᠨ ᠳᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠦᠨᠳᠦᠰᠦᠨ ᠱᠠᠲᠤᠨ ᠤ ᠣᠯᠠᠨ | ᠲᠦᠮᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠦ᠂ ᠠᠶᠢᠮᠠᠭ ᠬᠤᠰᠢᠭᠤ ᠬᠤᠯᠪᠣᠭᠠᠯᠠᠨ ᠬᠥᠳᠡᠯᠦᠯᠴᠡᠭᠰᠡᠨ | ᠤᠬᠠᠭᠤᠯᠭ᠎ᠠ ᠶᠢᠨ ᠪᠠᠶᠢᠷᠢᠰᠢᠯ ᠢ ᠦᠨᠡᠨ ᠬᠦ ᠪᠣᠶ ᠪᠣᠯᠭᠠᠪᠠ᠃ | ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠬᠠᠭᠤᠯᠭ᠎ᠠ ᠶᠢᠨ ᠦᠷ᠎ᠡ ᠪᠦᠲᠦᠮᠵᠢ ᠪᠠᠨ | ᠦᠷᠭᠦᠯᠵᠢᠯᠡᠨ ᠪᠠᠬᠢᠵᠢᠭᠦᠯᠵᠦ᠂ ᠡᠯ᠎ᠡ ᠭᠠᠵᠠᠷ ᠢ ᠵᠢᠯᠣᠭᠤᠳᠤᠨ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠨ᠎ᠠ᠃ | |