5 ᠰᠠᠷ᠎ᠠ ᠶᠢᠨ 12 ᠠᠴᠠ 13 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ | ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠨ ᠰᠤᠳᠤᠯᠪᠠ᠃ | ᠰᠦᠨ ᠱᠤᠤ ᠴᠧᠩ ᠲᠡᠭᠦᠨ ᠤ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠤᠯᠬᠤ ᠰᠠᠨ ᠷᠦᠢ ᠬᠥᠳᠡᠭᠡ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠰᠠᠨ ᠫᠠᠩ ᠳ᠋ᠠᠨ ᠢᠳᠡᠭᠡᠨ ᠤ ᠺᠤᠮᠫᠠᠨᠢ ᠳᠤ ᠬᠦᠷᠴᠦ᠂ ᠨᠡᠷᠡᠨ ᠬᠤᠸᠠᠷ ᠤᠨ ᠡᠭᠦᠯᠳᠡᠷ ᠪᠣᠶᠢᠵᠢᠭᠤᠯᠬᠤ᠂ | ᠦᠢᠯᠡᠳᠬᠦᠨ ᠢ ᠰᠤᠳᠤᠯᠤᠨ ᠨᠡᠭᠡᠭᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠢ | ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠦᠷ᠎ᠡ ᠡᠳ᠋ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠲᠦᠷᠦᠯ ᠲᠡᠮᠳᠡᠭ ᠤᠨ ᠳᠠᠪᠠᠭᠤᠯᠢᠭ ᠢ | ᠤᠶᠠᠯᠳᠤᠭᠤᠯᠵᠤ᠂ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ | ᠥᠷᠭᠡᠳᠬᠡᠵᠦ᠂ ᠡᠵᠡᠩᠨᠡᠯᠲᠡ ᠶᠢᠨ ᠦᠷ᠎ᠡ ᠠᠰᠢᠭ ᠪᠣᠯᠣᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ | ᠵᠣᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ | ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃ ᠯᠢᠨ ᠾᠧ ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠵᠢᠶᠠᠩ ᠯᠢᠨ | ᠨᠡᠶᠢᠭᠡᠮ ᠲᠣᠭᠤᠷᠢᠭ ᠤᠨ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠶᠡᠭᠡ ᠲᠢᠩᠬᠢᠮ ᠪᠣᠯᠣᠨ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ | ᠦᠢᠯᠡᠴᠢᠯᠡᠭᠡᠨ ᠤ ᠲᠥᠪ ᠲᠤ᠂ ᠰᠦᠨ ᠱᠤᠤ ᠴᠧᠩ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ | ᠠᠵᠢᠯ ᠤᠨ ᠠᠭᠤᠯᠭ᠎ᠠ ᠪᠣᠯᠣᠨ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ | ᠲᠦᠮᠡᠨᠴᠢ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠠᠪᠤᠭᠰᠠᠨ ᠠᠷᠭ᠎ᠠ ᠬᠡᠮᠵᠢᠶ᠎ᠡ ᠶᠢ ᠯᠠᠪᠯᠠᠨ ᠠᠰᠠᠭᠤᠪᠠ᠃ ᠲᠡᠷᠡ᠂ ᠦᠨᠳᠦᠰᠦᠨ | ᠱᠠᠲᠤᠨ ᠤ ᠵᠠᠰᠠᠯᠲᠠ ᠶᠢ ᠴᠢᠩᠭᠠᠳᠬᠠᠬᠤ ᠳᠤ ᠠᠯᠢ ᠨᠢᠭᠡ ᠵᠦᠢᠯ ᠤᠨ ᠠᠵᠢᠯ ᠨᠢ ᠴᠤ ᠨᠡᠶᠢᠭᠡᠮ ᠲᠣᠭᠤᠷᠢᠭ ᠠᠴᠠ ᠰᠠᠯᠵᠤ ᠴᠢᠳᠠᠬᠤ ᠦᠭᠡᠢ ᠶᠤᠮ᠂ ᠨᠡᠶᠢᠭᠡᠮ | ᠲᠣᠭᠤᠷᠢᠭ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠭᠦᠷᠭᠡᠯᠡᠬᠦ ᠴᠢᠬᠤᠯᠠ ᠦᠭᠡᠢ ᠶᠢ ᠨᠢ ᠡᠷᠡᠰ ᠬᠠᠰᠤᠵᠤ᠂ ᠦᠨᠳᠦᠰᠦᠨ | ᠱᠠᠲᠤᠨ ᠤ ᠬᠢᠨ ᠨᠡᠩ ᠤᠯᠠᠨ ᠤᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠬᠤ ᠬᠡᠷᠡᠭᠲᠡᠢ᠃ ᠤᠯᠠᠨ ᠲᠦᠮᠡᠨ ᠬᠦᠴᠢᠷᠳᠡᠯ ᠳᠤ | ᠲᠤᠯᠭᠠᠷᠠᠭᠰᠠᠨ ᠦᠶ᠎ᠡ ᠳᠤ᠂ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠬᠦᠷᠦᠯᠴᠡᠨ ᠣᠴᠢᠵᠤ ᠣᠶᠢᠯᠠᠭᠠᠵᠤ᠂ ᠴᠠᠭ ᠲᠤᠬᠠᠢ ᠳᠤᠨᠢ ᠳᠡᠮᠵᠢᠯᠭᠡ | ᠦᠵᠡᠭᠦᠯᠵᠦ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠡᠢ᠃ | | | | | | | | | | | | ᠪᠠᠶᠠᠨᠨᠠᠭᠤᠷ ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭᠠᠰᠦ᠋ᠨ ᠱᠤᠤ ᠴᠧᠩ᠂ ᠪᠠᠶᠠᠨᠨᠠᠭᠤᠷ ᠬᠤᠳᠠ ᠶᠢᠨ | ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ | ᠠᠴᠠ ᠪᠠᠨ ᠤᠬᠠᠮᠰᠠᠷ ᠠᠴᠠ ᠪᠠᠨ᠂ ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠂ ᠠᠵᠢᠯ ᠢᠶᠠᠨ ᠨᠡᠩ ᠰᠡᠳᠬᠢᠯ ᠲᠠᠯᠪᠢᠨ᠂ ᠨᠡᠩ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ | ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢᠨ ᠠᠴᠢ ᠶᠢ ᠬᠠᠷᠢᠭᠤᠯᠬᠤ ᠬᠡᠷᠡᠭᠲᠡᠢ᠃ ᠪᠠᠶᠠᠨᠨᠠᠭᠤᠷ ᠬᠤᠳᠠ ᠶᠢᠨ ᠮᠠᠯ ᠠᠵᠤ ᠠᠬᠤᠢ ᠲᠠᠷᠢᠶᠠᠯᠠᠩ᠂ | ᠠᠭᠤᠷᠬᠠᠢ ᠶᠢᠨ ᠭᠠᠷᠤᠯᠲᠠ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠪᠦᠷ ᠨᠡᠯᠢᠶᠡᠳ ᠡᠯᠪᠡᠭ ᠶᠤᠮ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠲᠠᠢ ᠤᠶᠠᠯᠳᠤᠭᠤᠯᠵᠤ᠂ ᠴᠣᠬᠤᠮ ᠶᠠᠮᠠᠷ ᠶᠠᠮᠠᠷ ᠳᠠᠪᠠᠭᠤᠯᠢᠭ ᠲᠠᠢ᠂ ᠶᠠᠮᠠᠷ ᠶᠠᠮᠠᠷ | ᠭᠤᠣᠯᠳᠠᠯᠭ᠎ᠠ ᠲᠠᠢ ᠠᠵᠤ ᠦᠢᠯᠡᠰ ᠢ ᠲᠥᠪᠯᠡᠷᠡᠭᠦᠯᠦᠨ ᠪᠠᠶᠢᠭᠤᠯᠬᠤ ᠪᠠᠨ ᠲᠣᠳᠣᠷᠬᠠᠢ ᠪᠤᠳᠤᠵᠤ᠂ ᠲᠣᠭᠲᠠᠭᠠᠮᠠᠭᠴᠠ ᠡᠷᠴᠢ ᠵᠣᠷᠢᠭ ᠢᠶᠠᠨ ᠬᠥᠪᠴᠢᠯᠡᠨ ᠡᠴᠦᠰ ᠲᠤᠨᠢ | ᠲᠤᠯᠲᠠᠯ᠎ᠠ ᠬᠢᠬᠦ ᠬᠡᠷᠡᠭᠲᠡᠢ᠃ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ | ᠪᠤᠯᠭᠠᠵᠤ᠂ ᠥᠪᠡᠷ ᠢᠶᠠᠨ ᠰᠡᠳᠬᠢᠯ ᠬᠠᠩᠬᠤ᠂ ᠪᠠᠭ᠎ᠠ ᠪᠠᠶᠠᠵᠢᠭᠰᠠᠭᠠᠷ ᠪᠣᠯᠴᠢᠬᠠᠬᠤ ᠰᠡᠳᠬᠢᠴᠡ ᠶᠢ ᠲᠡᠪᠴᠢᠵᠦ᠂ ᠠᠵᠤ ᠦᠢᠯᠡᠰ ᠤᠨ ᠬᠥᠭᠵᠢᠯᠲᠡ ᠶᠢ ᠨᠠᠷᠢᠨ | ᠬᠢᠨᠠᠮᠠᠭᠠᠢ ᠲᠥᠯᠥᠪᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠡᠪᠴᠢᠶ᠎ᠡ ᠶᠢ ᠶᠡᠬᠡᠰᠬᠡᠵᠦ᠂ ᠦᠢᠯᠡᠳᠬᠦᠨ ᠢᠶᠠᠨ ᠰᠢᠯᠢᠳᠡᠭᠵᠢᠭᠦᠯᠵᠦ᠂ ᠲᠦᠷᠦᠯ ᠲᠡᠮᠳᠡᠭ ᠢᠶᠠᠨ | ᠬᠦᠴᠦᠷᠬᠡᠭᠵᠢᠭᠦᠯᠬᠦ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠴᠢᠭᠯᠡᠯ ᠪᠠ ᠪᠠᠶᠢᠷᠢᠯᠠᠭᠤᠯᠤᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾᠂ ︽ | ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠠᠵᠢᠯ ᠤᠨ ᠠᠬᠢᠴᠠ ᠪᠠᠨ ᠲᠦᠷᠭᠡᠳᠬᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ | ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠦᠨᠳᠦᠰᠦᠨ ᠬᠦᠴᠦᠨ ᠵᠦᠢᠯ ᠢ ᠲᠣᠭᠲᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠪᠠ ᠪᠣᠳᠠᠭᠠᠯᠢ ᠪᠡᠶ᠎ᠡ ᠶᠢᠨ | ᠭᠠᠷᠤᠯᠲᠠ ᠨᠡᠮᠡᠭᠳᠡᠭᠦᠯᠬᠦ ᠳᠤ ᠲᠦᠰᠢᠭᠯᠡᠨ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠭᠦ ᠶᠢ ᠨᠠᠩ ᠴᠢᠬᠤᠯᠠᠴᠢᠯᠠᠵᠤ᠂ ᠲᠥᠬᠦᠭᠡᠷᠦᠮᠵᠢᠲᠦ | ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ | ᠳᠡᠭᠡᠭᠰᠢᠯᠡᠭᠦᠯᠭᠦ ᠶᠢ ᠨᠠᠩ ᠴᠢᠬᠤᠯᠠᠴᠢᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠢᠳᠡᠭᠡᠨ ᠪᠤᠯᠪᠠᠰᠤᠷᠠᠭᠤᠯᠬᠤ᠂ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠬᠤ ᠬᠡᠷᠡᠭᠲᠡᠢ ᠭᠡᠪᠡ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | |