ᠵᠣᠣ ᠳ᠋ᠠ ᠶᠦᠩ ᠪᠤᠭᠤᠲᠤ ᠬᠤᠲᠠ ᠳᠤ ᠬᠦᠷᠴᠦ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/15
  5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠪᠦᠯᠬᠦᠮ ᠳᠠᠭᠠᠭᠤᠯᠤᠨ᠂ ᠤᠷᠢᠳ ᠬᠤᠵᠢᠳ ᠪᠤᠭᠤᠲᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠬᠥᠨᠳᠡᠯᠡᠨ ᠲᠣᠭᠤᠷᠢᠭ ᠤᠨ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ᠂ ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤ ᠳᠤ ᠬᠦᠷᠴᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
5.15-1.jpg
  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠯᠢᠶᠡᠨ ᠠᠪᠴᠤ ᠰᠢᠢᠳᠪᠦᠷᠢᠯᠡᠬᠦ ᠲᠢᠩᠬᠢᠮ ᠤᠨ ᠡᠯ᠎ᠡ ᠲᠤᠬᠠᠶᠢᠯᠠᠭᠰᠠᠨ ᠠᠵᠢᠯ ᠤᠨ ᠴᠤᠩᠬᠤᠪᠴᠢ ᠶᠢᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠤᠩᠬᠤᠪᠴᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠡᠳᠦᠷ ᠳᠤᠳᠤᠮ ᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠬᠡᠬᠦ ᠶᠠᠪᠤᠴᠠ᠂ ᠴᠠᠭ ᠤᠨ ᠬᠢᠵᠠᠭᠠᠷ ᠵᠢᠴᠢ ᠲᠤᠬᠠᠶᠢᠯᠠᠭᠰᠠᠨ ᠠᠵᠢᠯ ᠤᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ ᠪᠦᠬᠦ ᠬᠤᠳᠠ ᠶᠢᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠭᠦᠢᠴᠡᠳ ᠨᠤᠲᠠᠯᠠᠪᠠ᠃ ᠡᠭᠦᠨ ᠤ ᠬᠠᠮᠲᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠪᠦᠬᠦᠯᠢ ᠴᠣᠭᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠵᠢᠯ ᠤᠳ ᠲᠤ ᠪᠤᠭᠤᠲᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠣᠯᠤᠭᠰᠠᠨ ᠠᠮᠵᠢᠯᠲᠠ ᠶᠢ ᠣᠶᠢᠯᠠᠭᠠᠪᠠ᠃  ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠨᠢ ᠠᠵᠤ ᠠᠬᠤᠶᠢᠯᠠᠯ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ ᠪᠣᠯᠬᠤᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠣᠲᠣ ᠶᠢᠨ ᠠᠵᠢᠯ ᠤᠨ ᠰᠠᠭᠤᠷᠢᠨ ᠳᠡᠭᠡᠷ᠎ᠡ ᠦᠢᠯᠡᠴᠢᠯᠡᠭᠡᠨ ᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠬᠤ᠂ ᠲᠣᠭᠠᠴᠢᠯᠠᠭᠰᠠᠨ ᠡᠨᠧᠷᠭᠢ ᠣᠯᠭᠤᠬᠤ ᠶᠢ ᠴᠢᠩᠭᠠᠳᠬᠠᠬᠤ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠲᠥᠬᠦᠮ ᠦᠵᠡᠭᠦᠯᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠵᠢᠥ ᠶᠤᠸᠠᠨ ᠲᠣᠭᠤᠷᠢᠭ ᠤᠨ ᠠᠭᠠᠷᠤᠳᠠᠢ ᠰᠤᠮᠤ ᠳᠤ ᠭᠦᠨᠵᠡᠭᠡᠶᠢᠷᠡᠵᠦ᠂ ᠤᠷᠢᠳ ᠬᠤᠵᠢᠳ ᠬᠠᠮᠠᠭᠠᠯᠠᠯᠲᠠ ᠶᠢᠨ ᠣᠷᠣᠨ ᠳᠠᠬᠢ ᠠᠭᠠᠷᠤᠳᠠᠢ ᠮᠡᠷᠭᠡᠨ ᠭᠤᠤ ᠶᠢᠨ ᠰᠢᠪᠠᠷ ᠴᠢᠯᠠᠭᠤᠨ ᠤ ᠤᠷᠤᠰᠬᠠᠯ᠂ ᠮᠡᠷᠭᠡᠨ ᠦᠵᠡᠮᠵᠢ ᠶᠢᠨ ᠣᠷᠣᠨ ᠤ ᠳᠣᠲᠣᠷᠠᠬᠢ ᠨᠤᠷᠠᠵᠤ ᠶᠡᠭᠦᠷᠡᠭᠰᠡᠨ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠤᠨ ᠴᠡᠭ ᠲᠤ ᠬᠦᠷᠴᠦ᠂ ᠠᠶᠤᠯ ᠲᠦᠭᠰᠢᠭᠦᠷᠢ ᠲᠠᠢ ᠣᠷᠣᠨ ᠪᠦᠰᠡ ᠶᠢᠨ ᠬᠢᠨᠠᠨ ᠬᠡᠮᠵᠢᠬᠦ ᠴᠡᠭ ᠤᠨ ᠲᠥᠬᠦᠭᠡᠷᠦᠮᠵᠢ ᠶᠢᠨ ᠠᠵᠢᠯᠯᠠᠭᠠᠨ᠂ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠪᠣᠯᠤᠨ ᠳᠠᠯᠳᠠ ᠬᠡᠮ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠲᠠ᠂ ᠰᠢᠶᠠᠨ ᠬᠤᠶᠠᠷ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠪᠠ᠃ ᠬᠢᠨᠠᠨ ᠬᠡᠮᠵᠢᠬᠦ ᠴᠡᠭ ᠤᠨ ᠲᠤᠬᠠᠶ ᠶᠢᠨ ᠲᠠᠯᠠᠪᠠᠶ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠢᠨᠠᠨ ᠬᠡᠮᠵᠢᠭᠰᠡᠨ ᠳ᠋ᠡᠶᠢᠲ᠋ᠠ ᠶᠢ ᠴᠠᠭ ᠲᠤᠬᠠᠶ ᠳᠤᠨᠢ ᠳᠠᠮᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠵᠢᠴᠢ ᠣᠯᠠᠨ ᠲᠦᠮᠡᠨ ᠤ ᠠᠶᠤᠯ ᠠᠴᠠ ᠵᠠᠶᠢᠯᠠᠬᠤ ᠱᠤᠭᠤᠮ ᠤᠨ ᠲᠥᠯᠥᠪᠵᠢᠭᠦᠯᠭᠡ ᠵᠡᠷᠭᠡ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠮᠡᠷᠭᠡᠨ ᠪᠠᠶᠢᠭᠠᠯᠢ ᠶᠢᠨ ᠠᠮᠢ ᠠᠬᠤᠶ ᠶᠢᠨ ᠦᠵᠡᠮᠵᠢ ᠶᠢᠨ ᠣᠷᠣᠨ ᠤ ᠭᠠᠵᠠᠷ ᠤᠨ ᠭᠠᠶ ᠭᠠᠮᠰᠢᠭ ᠢ ᠣᠶᠤᠨᠴᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠨᠤᠲᠠᠯᠠᠪᠠ᠃
5.15-2.jpg
  ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠣᠳᠣᠬᠠᠨ ᠳᠤ ᠶᠠᠭ ᠦᠶᠡᠷ ᠤᠨ ᠬᠤᠭᠤᠴᠠᠭ᠎ᠠ ᠪᠠᠶᠢᠵᠤ᠂ ᠣᠨᠴᠠᠭᠠᠶ ᠴᠠᠭ ᠠᠭᠤᠷ ᠠᠮᠠᠷᠬᠠᠨ ᠭᠠᠵᠠᠷ ᠤᠨ ᠭᠠᠶ ᠭᠠᠮᠰᠢᠭ ᠡᠭᠦᠰᠳᠡᠭ᠂ ᠡᠷᠬᠡᠪᠰᠢ ︽ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠢᠶᠠᠷ ᠰᠡᠷᠭᠡᠶᠢᠯᠡᠬᠦ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠣᠶᠤᠨᠴᠢᠯᠠᠭᠰᠠᠨ ᠰᠡᠷᠭᠡᠶᠢᠯᠡᠨ ᠡᠵᠡᠮᠳᠡᠬᠦ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠭᠤᠤᠯᠳᠠᠯᠭ᠎ᠠ ᠲᠠᠢ ᠳᠠᠯᠳᠠ ᠭᠡᠮ ᠤᠨ ᠣᠷᠣᠨ ᠪᠦᠰᠡ ᠳᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠶᠢ ︽ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠵᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠤᠳᠠᠭ᠎ᠠ ᠶᠢ ᠨᠢᠭᠲᠠᠷᠠᠭᠤᠯᠵᠤ᠂ ᠳᠠᠯᠳᠠ ᠭᠡᠮ ᠢ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ ᠶᠢ ᠦᠨᠡᠨ ᠬᠦ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠤᠮᠠᠷᠠᠲᠤ ᠬᠢᠯᠢ ᠶᠢᠨ ᠬᠥᠬᠡᠮᠳᠦᠭ ᠨᠣᠭᠤᠭᠠᠨ ᠠᠭᠤᠯᠠ ᠤᠰᠤ ᠪᠠ ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠰᠠᠬᠢᠨ ᠬᠠᠮᠠᠭᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ