5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠬᠤᠷᠠᠯ ᠬᠤᠷᠠᠯᠳᠤᠭᠤᠯᠵᠤ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠡᠭᠦᠷᠭᠡ ᠶᠢ ᠲᠣᠬᠢᠷᠠᠭᠤᠯᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠬᠤᠷᠠᠯ ᠢ ᠡᠷᠭᠢᠯᠡᠪᠡ᠃ | ᠬᠤᠷᠠᠯ ᠠᠴᠠ᠂ 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠤ ᠰᠤᠷᠤᠯᠴᠠᠯᠭ᠎ᠠ ᠬᠥᠮᠦᠵᠢᠯ ᠤᠨ ᠠᠵᠢᠯ ᠢ | ᠬᠠᠷᠢᠭᠤ ᠮᠡᠳᠡᠭᠦᠯᠦᠭᠰᠡᠨ ᠠᠴᠠ ᠨᠠᠭᠠᠰᠢ᠂ ᠡᠯ᠎ᠡ ᠨᠢᠭᠡᠴᠢ᠂ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ︽ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ︾ ᠶᠢ ᠦᠨᠡᠨ | ᠬᠦ ᠢᠮᠠᠭᠲᠠ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠦᠵᠡᠯ ᠰᠠᠨᠠᠭᠠᠨ ᠤ ᠰᠠᠨᠠᠭᠠᠴᠢᠯᠠᠭ᠎ᠠ ᠠᠴᠠ ᠪᠠᠨ ᠦᠢᠯᠡ ᠠᠵᠢᠯᠯᠠᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ | ᠳᠤᠮᠳᠠᠬᠢ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠱᠠᠲᠤ ᠱᠠᠲᠤ ᠪᠠᠷ ᠳᠠᠷᠤᠯᠲᠠ ᠥᠭᠴᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠬᠡᠷᠡᠭᠲᠡᠶ | ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ ᠨᠠᠮ ᠤᠨ | ᠲᠥᠪ ᠬᠤᠷᠢᠶᠠᠨ ᠤ ᠵᠣᠷᠢᠭ ᠰᠠᠨᠠᠭᠠᠨ ᠤ ᠱᠠᠭᠠᠷᠳᠠᠯᠭ᠎ᠠ ᠶᠢ ᠦᠨᠡᠨ ᠬᠦ ᠨᠡᠪᠲᠡᠷᠬᠡᠢ ᠣᠶᠢᠯᠠᠭᠠᠵᠤ᠂ ᠣᠨᠣᠪᠴᠢᠲᠠᠢ ᠡᠵᠡᠮᠳᠡᠬᠦ ᠬᠡᠷᠡᠭᠲᠡᠢ᠃ ᠡᠯ᠎ᠡ ᠨᠢᠭᠡᠴᠢ ᠶᠢᠨ ᠭᠤᠤᠯ | ᠬᠠᠷᠢᠭᠤᠴᠠᠯᠭᠠᠲᠠᠨ ᠪᠣᠯᠤᠨ ᠤᠳᠤᠷᠢᠳᠬᠤ ᠪᠠᠭ ᠤᠨ ᠭᠡᠰᠢᠭᠦᠨ ᠨᠠᠮ ᠤᠨ ᠡᠭᠦᠷ᠂ ᠰᠠᠯᠠᠭ᠎ᠠ ᠠᠯᠪᠠᠨ ᠲᠠᠰᠤᠭ ᠲᠤ ᠬᠦᠷᠴᠦ ᠨᠢᠭᠡᠳᠦᠭᠡᠷ ᠹᠷᠣᠨᠲ ᠤᠨ ᠪᠠᠶᠢᠳᠠᠯ ᠢ | ᠤᠶᠢᠯᠠᠭᠠᠨ ᠡᠵᠡᠮᠰᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠵᠤ᠂ ᠰᠤᠷᠤᠯᠴᠠᠯᠭ᠎ᠠ ᠬᠥᠮᠦᠵᠢᠯ ᠪᠣᠯᠤᠨ ᠠᠰᠠᠭᠤᠳᠠᠯ ᠢ ᠪᠠᠶᠢᠴᠠᠭᠠᠨ | ᠳᠡᠯᠭᠡᠬᠦ ᠶᠢ ᠬᠠᠨᠳᠤᠯᠭᠠᠲᠤ ᠴᠢᠨᠠᠷᠲᠠᠶ ᠪᠠᠷ ᠵᠢᠯᠣᠭᠤᠳᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠭᠦᠳᠡ ᠪᠠᠨ ᠨᠡᠭᠡᠭᠡᠵᠦ ᠰᠤᠷᠭᠠᠨ | ᠬᠥᠮᠦᠵᠢᠯ ᠬᠢᠬᠦ ᠶᠢ ᠪᠠᠷᠢᠮᠲᠠᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠰᠤᠷᠪᠤᠯᠵᠢᠯᠠᠨ ᠶᠠᠷᠢᠯᠴᠠᠬᠤ ᠵᠡᠷᠭᠡ | ᠬᠡᠯᠪᠡᠷᠢ ᠪᠠᠷ ᠳᠠᠮᠵᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠠᠮᠤᠭ ᠤᠨ ᠶᠡᠭᠡ ᠬᠡᠪᠴᠢᠶ᠎ᠡ ᠪᠠᠷ ᠠᠰᠠᠭᠤᠳᠠᠯ ᠢ ᠴᠤᠭᠯᠠᠭᠤᠯᠬᠤ ᠬᠡᠷᠡᠭᠲᠡᠢ︔ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠤ᠂ ᠢᠳᠡᠪᠬᠢᠲᠡᠶ ᠪᠠᠷ ᠲᠦᠷᠢᠮ ᠲᠣᠭᠲᠠᠭᠠᠯ ᠲᠣᠭᠲᠠᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ | ᠲᠠᠩᠰᠠ ᠳᠤ ᠣᠷᠣᠭᠤᠯᠤᠭᠰᠠᠨ ᠠᠰᠠᠭᠤᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠬᠠᠮᠵᠢᠯᠴᠠᠵᠤ᠂ | ᠴᠡᠭᠴᠡᠯᠡᠨ ᠰᠠᠶᠢᠵᠢᠷᠠᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠦᠨᠳᠦᠰᠦᠨ ᠠᠴᠠ ᠨᠢ ᠦᠨᠡᠨ ᠪᠣᠳᠠᠲᠠᠶ᠂ ᠦᠨᠡᠨ ᠪᠤᠲᠠᠲᠠᠢ ᠪᠠᠷ ᠬᠦᠴᠦᠯᠡᠨ ᠴᠢᠷᠮᠠᠶᠢᠵᠤ᠂ | ᠦᠷ᠎ᠡ ᠪᠦᠲᠦᠮᠵᠢ ᠶᠢ ᠠᠳᠬᠤᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠰᠠᠶᠢᠵᠢᠷᠠᠭᠤᠯᠬᠤ ᠳᠤ ᠦᠷ᠎ᠡ ᠪᠦᠲᠦᠮᠵᠢ ᠲᠠᠢ | ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠡᠰᠢᠭᠦᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ | ᠪᠣᠯᠤᠨ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |