5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠯᠢ ᠮᠢᠩ ᠨᠠᠷ ᠲᠠᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ | ᠶᠠᠷᠢᠯᠴᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠭᠠᠵᠠᠷ ᠤᠨ ᠭᠠᠶ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠴᠢᠩᠭᠠᠳᠬᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠢᠨ ᠬᠠᠮᠲᠤ ᠬᠠᠮᠲᠤᠷᠠᠯᠴᠠᠭᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠲᠤᠬᠠᠶ ᠬᠠᠮᠲᠤ ᠶᠢᠨ ᠲᠠᠨᠢᠯᠲᠠ ᠲᠠᠢ ᠪᠣᠯᠪᠠ᠃ | ᠵᠤᠤ ᠳ᠋ᠠ ᠶᠦᠩ ᠵᠤᠤ ᠯᠢ ᠮᠢᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ | ᠴᠠᠭ ᠠᠭᠤᠷ ᠤᠨ ᠲᠣᠪᠴᠢᠶ᠎ᠠ ᠠᠴᠠ ᠪᠦᠬᠦ ᠣᠷᠣᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠳᠡᠮᠵᠢᠵᠦ ᠬᠠᠪᠰᠤᠷᠤᠭᠰᠠᠨ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ᠂ ᠣᠷᠳᠣ ᠬᠤᠭᠤᠴᠠᠭᠠᠨ ᠤ ᠲᠤᠷᠰᠢ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠣᠷᠣᠨ ᠤ ᠭᠠᠵᠠᠷ ᠤᠨ ᠭᠠᠶ | ᠭᠠᠮᠰᠢᠭ ᠢ ᠰᠡᠷᠭᠡᠶᠢᠯᠡᠨ ᠵᠠᠰᠠᠬᠤ ᠶᠡᠭᠡ ᠲᠠᠯ᠎ᠠ ᠶᠢᠨ ᠲᠣᠭᠤᠷᠢᠨ ᠳᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ | ᠠᠷᠠᠳ ᠤᠨ ᠠᠭᠠᠷ ᠤᠨ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ︾ ᠶᠢᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠤᠨ ᠬᠡᠮᠵᠢᠶ᠎ᠡ ᠶᠢ ᠰᠢᠶᠠᠩ ᠪᠠᠯᠭᠠᠰᠤ᠂ ᠵᠠᠰᠠᠮᠠᠯ | ᠵᠠᠮ ᠤᠨ ᠭᠤᠤᠯ ᠱᠤᠭᠤᠮ ᠪᠠ ᠴᠢᠬᠤᠯᠠ ᠦᠵᠡᠮᠵᠢ ᠶᠢᠨ ᠣᠷᠣᠨ ᠳᠤ ᠠᠯᠬᠤᠮ ᠠᠯᠬᠤᠮ ᠢᠶᠠᠷ ᠨᠠᠷᠢᠯᠢᠬᠵᠢᠭᠤᠯᠪᠠ᠃ ᠡᠭᠦᠨ ᠤ ᠬᠠᠮᠲᠤ᠂ ᠭᠠᠵᠠᠷ ᠰᠢᠨᠵᠢᠯᠡᠭᠡᠨ ᠤ | ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠨᠢᠭᠡ ᠪᠦᠯᠦᠭ ᠠᠦ᠋ᠲ᠋ᠣᠴᠢᠯᠠᠭᠰᠠᠨ ᠲᠥᠬᠦᠭᠡᠷᠦᠮᠵᠢ ᠶᠢ ᠪᠠᠶᠢᠷᠢᠯᠠᠭᠤᠯᠵᠤ᠂ ᠤᠯᠠᠨ ᠢᠶᠠᠷ ᠢᠶᠠᠨ ᠬᠡᠮᠵᠢᠵᠦ | ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠢ ᠲᠠᠰᠤᠷᠠᠯᠲᠠ ᠦᠭᠡᠢ ᠰᠢᠨᠡᠳᠬᠡᠨ ᠲᠡᠭᠦᠯᠳᠡᠷᠵᠢᠭᠦᠯᠵᠦ᠂ ᠳᠠᠭᠠᠭᠤᠯᠢ ᠣᠳᠣᠨ ᠤ ᠠᠯᠤᠰ ᠰᠡᠷᠡᠯ ᠤᠨ ᠮᠡᠷᠭᠡᠵᠢᠯ ᠤᠨ | ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠢ ᠢᠯᠭᠠᠨ ᠲᠠᠨᠢᠬᠤ ᠳᠤᠮᠳᠠᠬᠢ ᠬᠡᠷᠡᠭᠯᠡᠯᠲᠡ ᠶᠢ ᠭᠦᠢᠴᠡᠳ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠠᠭᠤᠯᠠᠷᠬᠠᠭ ᠭᠠᠵᠠᠷ ᠲᠤ ᠡᠪᠦᠯ ᠬᠠᠪᠤᠷ ᠤᠨ ᠮᠥᠰᠥ ᠴᠠᠰᠤᠨ ᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠰᠤᠳᠤᠯᠭᠠᠨ ᠤ | ᠠᠵᠢᠯ ᠢ ᠥᠷᠨᠢᠭᠦᠯᠪᠡ᠃ | ᠵᠣᠣ ᠯᠢ ᠮᠢᠩ ᠢᠯᠡᠷᠬᠡᠶᠢᠯᠡᠬᠦ ᠳᠡᠭᠡᠨ᠂ ᠣᠯᠠᠨ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠭᠠᠵᠠᠷ ᠤᠨ ᠭᠠᠶ ᠭᠠᠮᠰᠢᠭ ᠤᠨ ᠴᠠᠭ ᠠᠭᠤᠷ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ ᠵᠢᠴᠢ ᠭᠠᠶ ᠭᠠᠮᠰᠢᠭ ᠲᠦᠭᠰᠢᠭᠦᠷᠢᠲᠦ ᠪᠠᠶᠢᠳᠠᠯ ᠤᠨ ᠮᠡᠳᠡᠭᠡ ᠵᠠᠩᠭᠢ ᠶᠢ | ᠨᠡᠶᠢᠲᠡᠯᠡᠬᠦ ᠵᠡᠷᠭᠡ ᠲᠠᠯ᠎ᠠ ᠪᠠᠷ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠵᠢᠱᠢᠯᠲᠠ ᠪᠠᠷ ᠳᠠᠮᠵᠢᠭᠠᠳ᠂ ᠮᠠᠨ ᠤ ᠣᠷᠣᠨ ᠡᠨᠡ ᠵᠢᠯ ᠤᠨ ᠬᠤᠷ᠎ᠠ | ᠲᠤᠨᠳᠠᠰᠤᠨ ᠤ ᠬᠡᠮᠵᠢᠶ᠎ᠡ ᠨᠡᠯᠢᠶᠡᠳ ᠠᠷᠪᠢᠨ ᠪᠠᠶᠢᠵᠤ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠬᠤᠶᠠᠷ ᠲᠠᠯ᠎ᠠ ᠪᠠᠷ ᠢᠶᠠᠨ ᠭᠠᠵᠠᠷ ᠤᠨ ᠭᠠᠶ ᠭᠠᠮᠰᠢᠭ ᠤᠨ ᠴᠠᠭ | ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠳᠠᠭᠠᠭᠤᠯᠢ ᠣᠳᠣᠨ ᠵᠢᠴᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠮᠡᠳᠡᠭᠡ | ᠵᠠᠩᠭᠢ ᠶᠢᠨ ᠲᠠᠪᠴᠠᠩ ᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠢᠴᠢ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ︽ᠬᠠᠷᠢᠭᠤ ᠦᠭᠬᠦ︾ | ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠭᠦᠨᠵᠡᠭᠡᠶ ᠬᠠᠮᠲᠤᠷᠠᠯᠴᠠᠬᠤ ᠶᠢ ᠬᠦᠰᠡᠵᠦ ᠪᠠᠶᠢᠨ᠎ᠠ ᠭᠡᠵᠡᠢ᠃ | ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠭᠠᠵᠠᠷ ᠤᠨ ᠭᠠᠶ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠲᠣᠭᠤᠷᠢᠨ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠣᠳᠣᠬᠢᠴᠢᠯᠠᠭᠰᠠᠨ᠂ | ᠮᠡᠳᠡᠭᠡ ᠵᠠᠩᠭᠢᠵᠢᠯᠲᠠ ᠶᠢᠨ ᠬᠠᠮᠲᠤᠷᠠᠨ ᠵᠥᠪᠳᠡᠯᠴᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠲᠡᠶ ᠲᠤᠯᠭᠠᠭᠤᠷᠢᠯᠠᠬᠤ ᠪᠠᠲᠤᠯᠠᠭ᠎ᠠ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠴᠠᠭ ᠠᠭᠤᠷ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠭᠠᠵᠠᠷ ᠠᠯᠪᠠᠨ | ᠭᠡᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ | ᠶᠠᠷᠢᠯᠴᠠᠬᠤ ᠬᠤᠷᠠᠯ ᠳᠤ ᠣᠷᠣᠯᠴᠠᠪᠠ᠃ | |