ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠩᠬ᠎ᠠ ᠤᠳᠠᠭ᠎ᠠ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠢ ᠬᠢᠨᠠᠨ ᠵᠥᠪᠰᠢᠶᠡᠷᠡᠪᠡ
ᠨᠡᠶᠢᠲᠡᠯᠡᠭᠰᠡᠨ ᠴᠠᠭ᠄
2025/5/16
  5 ᠳ᠋ᠤᠭᠠᠷ ᠰᠠᠷ᠎ᠠ ᠶᠢᠨ 14 ᠤ ᠡᠳᠤᠷ᠂ ᠤᠯᠠᠭᠠᠨᠬᠠᠳᠠ ᠶᠢᠨ ᠮᠢᠩ ᠢᠤᠢ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠠᠮᠵᠢᠯᠲᠠ ᠲᠠᠢ ᠥᠩᠭᠡᠷᠡᠭᠡᠵᠦ᠂ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠢ ᠠᠮᠵᠢᠯᠲᠠ ᠲᠠᠢ ᠪᠠᠷ ᠤᠯᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠠᠴᠠ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠠᠶᠢᠮᠠᠭ ᠬᠤᠲᠠ ᠳᠤ ᠪᠠᠭᠤᠯᠭᠠᠭᠰᠠᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠠᠩᠬᠠᠳᠠᠭᠴᠢ ᠲᠣᠰ ᠬᠢᠷᠢ ᠬᠡᠮ ᠢ ᠣᠯᠤᠭᠰᠠᠨ ᠠᠵᠤ ᠠᠬᠤᠶᠢᠯᠠᠯ ᠪᠣᠯᠤᠨ᠎ᠠ᠂ ᠡᠨᠡ ᠨᠢ ᠪᠥᠬᠦ ᠬᠤᠲᠠ ᠶᠢᠨ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠴᠢᠬᠤᠯᠠ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠬᠤ ᠪᠥᠭᠡᠳ ᠲᠣᠰ ᠭᠠᠵᠠᠷ ᠤᠨ ᠬᠡᠮᠵᠢᠨ ᠵᠢᠷᠤᠬᠤ ᠵᠠᠬ᠎ᠠ ᠳᠡᠯᠭᠡᠭᠦᠷ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃  ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠪᠣᠯ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠣᠰ ᠤᠳᠠᠭᠠᠨ ᠤ ᠤᠯᠠᠭᠠᠨᠬᠠᠳᠠ ᠶᠢᠨ ᠮᠢᠩ ᠢᠦᠢ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠨᠠᠨ ᠵᠥᠪᠰᠢᠶᠡᠷᠡᠬᠦ ᠪᠠᠷ ᠳᠠᠮᠵᠢᠨ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠦᠨ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠷᠬᠡ ᠮᠡᠳᠡᠯ ᠢ ᠥᠨᠳᠥᠷ ᠪᠦᠲᠦᠮᠵᠢᠲᠡᠶ ᠪᠠᠷ ᠬᠦᠯᠢᠶᠡᠨ ᠠᠪᠴᠤ ᠳᠣᠷᠣᠭᠰᠢ ᠪᠠᠭᠤᠯᠭᠠᠬᠤ ᠡᠷᠬᠡ ᠮᠡᠳᠡᠯ ᠢ ᠬᠦᠯᠢᠶᠡᠨ ᠠᠪᠴᠤ᠂ ᠬᠢᠨᠠᠨ ᠵᠥᠪᠰᠢᠶᠡᠷᠡᠬᠦ ᠶᠠᠪᠤᠴᠠ ᠶᠢ ᠵᠢᠷᠤᠮᠵᠢᠭᠤᠯᠬᠤ ᠠᠵᠢᠯ ᠤᠨ ᠦᠷ᠎ᠡ ᠪᠦᠲᠦᠮᠵᠢ ᠶᠢ ᠲᠤᠰᠬᠠᠪᠠ᠃ ᠲᠣᠰ ᠠᠵᠤ ᠠᠬᠤᠶᠢᠯᠠᠯ ᠵᠥᠪᠰᠢᠶᠡᠷᠡᠭᠳᠡᠭᠰᠡᠨ ᠤ ᠳᠠᠷᠠᠭ᠎ᠠ᠂ ᠪᠠᠷᠢᠯᠭ᠎ᠠ ᠶᠢ ᠬᠡᠮᠵᠢᠬᠦ᠂ ᠵᠠᠭᠠᠭ ᠱᠤᠭᠤᠮ ᠬᠢᠭᠡᠳ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ ᠵᠡᠷᠭᠡ ᠬᠥᠬᠡᠭᠴᠢᠨ ᠲᠠᠰ ᠤᠨ ᠬᠢᠷᠢ ᠬᠡᠮ ᠤᠨ ᠬᠡᠪᠴᠢᠶᠡᠨ ᠳᠠᠬᠢ ᠬᠡᠮᠵᠢᠨ ᠵᠢᠷᠤᠬᠤ ᠠᠵᠢᠯ ᠢ ᠡᠭᠦᠷᠭᠡᠯᠡᠵᠦ᠂ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠵᠠᠷ ᠰᠢᠷᠣᠶ ᠶᠢᠨ ᠬᠠᠮᠢᠶᠠᠷᠤᠯᠲᠠ ᠪᠠ ᠠᠮᠢ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠮᠡᠷᠭᠡᠵᠢᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠬᠤ ᠪᠣᠯᠤᠨ᠎ᠠ᠃  ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠮᠵᠢᠨ ᠵᠢᠷᠤᠬᠤ ᠬᠢᠷᠢ ᠬᠡᠮ ᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠮᠵᠢᠨ ᠵᠢᠷᠤᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ