ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠦᠦᠰᠢᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ︽ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠪᠠᠷ | ᠬᠠᠷᠠᠯᠲᠠ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠪᠥᠬᠦ ᠲᠠᠯ᠎ᠠ ᠪᠠᠷ ᠡᠮᠬᠢᠯᠡᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢ ᠡᠮᠬᠢᠯᠡᠨ ᠨᠠᠶᠢᠷᠠᠭᠤᠯᠬᠤ ᠠᠵᠢᠯ ᠢ ᠨᠠᠷᠢᠯᠢᠭᠵᠢᠭᠤᠯᠤᠨ ᠥᠷᠨᠢᠭᠦᠯᠪᠡ᠃ | | ᠥᠨᠳᠥᠷ ᠲᠦᠪᠰᠢᠨ ᠢᠶᠠᠷ ᠠᠬᠢᠭᠤᠯᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠨ᠎ᠡ᠃ ᠡᠭᠦᠷᠭᠡ ᠴᠢᠳᠠᠪᠬᠢ ᠪᠠᠨ ᠭᠦᠢᠴᠡᠳᠬᠡᠬᠦ ᠦᠷ᠎ᠡ ᠪᠦᠲᠦᠮᠵᠢ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠠᠵᠢᠯ ᠤᠨ ᠪᠠᠶᠢᠷᠢ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠠᠬᠢᠭᠤᠯᠬᠤ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠷᠡᠭ ᠶᠠᠪᠤᠳᠠᠯ ᠢ ᠪᠦᠬᠦ ᠲᠠᠯ᠎ᠠ ᠪᠠᠷ ᠡᠮᠬᠢᠯᠡᠵᠦ᠂ ᠠᠵᠢᠯ ᠨᠢᠭᠡᠪᠦᠷᠢ ᠶᠢ | ᠪᠣᠳᠠᠲᠠᠢ ᠠᠵᠢᠯ ᠤᠨ ᠪᠠᠶᠢᠷᠢ᠂ ᠪᠣᠳᠠᠲᠠᠢ ᠠᠵᠢᠯᠳᠠᠨ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ | ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ | ᠪᠦᠬᠦ ᠲᠠᠯ᠎ᠠ ᠪᠠᠷ ᠡᠮᠬᠢᠯᠡᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠭᠦᠷᠭᠡ | ᠲᠤᠰᠢᠶᠠᠯ ᠢᠶᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠤᠨ ᠵᠦᠢᠯᠡᠰ ᠢ ᠰᠢᠰᠲ᠋ᠧᠮ ᠲᠠᠢ ᠡᠮᠬᠢᠯᠡᠵᠦ᠂ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ᠂ ᠬᠠᠤᠯᠢ ᠴᠠᠭᠠᠵᠠ ᠶᠢᠨ ᠵᠦᠢᠯ ᠵᠤᠷᠪᠤᠰ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠡᠷᠭᠡ ᠵᠦᠢᠯᠡᠰ ᠤᠨ ᠢᠷᠡᠯᠲᠡ ᠵᠢᠴᠢ ᠦᠨᠳᠦᠰᠦᠯᠡᠯ ᠢ ᠲᠣᠳᠣᠷᠬᠠᠶᠢᠯᠠᠵᠤ᠂ ᠬᠠᠮᠢᠶ᠎ᠠ ᠪᠥᠬᠦᠶ ᠡᠭᠦᠷᠭᠡ | ᠴᠢᠳᠠᠪᠤᠷᠢ ᠲᠤᠬᠠᠶᠢᠯᠠᠭᠰᠠᠨ ᠠᠵᠢᠯ ᠤᠨ ᠲᠠᠰᠤᠭ ᠤᠨ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠪᠠ ᠠᠵᠢᠯᠯᠠᠭᠠᠨ ᠢ ᠦᠨᠡᠯᠡᠨ ᠵᠢᠱᠢᠭᠰᠡᠨ | ᠪᠠᠶᠢᠳᠠᠯ ᠢ ᠲᠣᠳᠣᠷᠬᠠᠶᠢᠯᠠᠪᠠ︔ ︽ᠪᠦᠷᠢᠨ᠂ ᠪᠣᠳᠠᠲᠠᠶ᠂ ᠨᠠᠷᠢᠯᠢᠭ︾ ᠠᠵᠢᠯ ᠤᠨ ᠵᠠᠷᠴᠢᠮ ᠶᠣᠰᠣᠭᠠᠷ᠂ ᠲᠣᠤᠷ ᠲᠠᠲᠠᠵᠤ ᠡᠮᠬᠢᠯᠡᠬᠦ ᠶᠢᠨ ᠬᠠᠮᠲᠤ ᠵᠢᠷᠭᠤᠭᠠᠨ ᠰᠤᠮᠤ | ᠪᠠᠯᠭᠠᠰᠤ ᠲᠠᠢ ᠬᠥᠨᠳᠡᠯᠡᠨ ᠢᠶᠠᠷ ᠬᠠᠷᠢᠴᠠᠭᠤᠯᠵᠦ᠂ ᠨᠠᠷᠢᠨ ᠲᠠᠩᠰᠠ ᠶᠢᠨ ᠪᠦᠷᠬᠦᠴᠡ ᠶᠢ ᠪᠥᠬᠦ ᠲᠠᠯ᠎ᠠ ᠪᠠᠷ᠂ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ | ᠦᠨᠡᠨ ᠬᠦ ᠪᠠᠲᠤᠯᠠᠪᠠ᠃ | ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠦᠨ᠎ᠡ᠃ ︽ᠭᠤᠷᠪᠠᠨ ᠥᠩᠭᠡ ᠶᠢᠨ ᠲᠡᠮᠳᠡᠭ︾ ᠤᠨ | ᠠᠵᠢᠯ ᠤᠨ ᠠᠷᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ︽ᠤᠯᠠᠭᠠᠨ᠂ ᠰᠢᠷ᠎ᠠ᠂ ᠬᠥᠬᠡ︾ ᠭᠤᠷᠪᠠᠨ ᠥᠩᠭᠡ ᠶᠢᠨ ᠲᠡᠮᠳᠡᠭ ᠢ ᠬᠡᠷᠡᠭᠯᠡᠨ᠂ ᠠᠳᠠᠯᠢ ᠪᠤᠰᠤ | ᠲᠥᠷᠥᠯ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠲᠥᠷᠥᠯ ᠬᠤᠪᠢᠶᠠᠨ ᠬᠠᠮᠢᠶᠠᠷᠴᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢᠨ | ᠰᠣᠯᠢᠯᠴᠠᠭ᠎ᠠ ᠶᠢ ᠥᠷᠨᠢᠭᠦᠯᠵᠦ᠂ ᠬᠠᠮᠢᠶ᠎ᠠ ᠪᠥᠬᠦᠶ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠰᠢᠢᠳᠪᠦᠷᠢᠯᠡᠬᠦ ᠰᠠᠨᠠᠯ ᠳᠤᠷᠠᠳᠴᠤ᠂ ᠨᠠᠷᠢᠨ ᠲᠠᠩᠰᠠ ᠶᠢᠨ | ᠠᠭᠤᠯᠭ᠎ᠠ ᠨᠢ ᠪᠣᠳᠠᠲᠠᠶ ᠠᠵᠢᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠨ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠪᠥᠬᠦ | ᠲᠠᠯ᠎ᠠ ᠪᠠᠷ ᠡᠮᠬᠢᠯᠡᠨ ᠪᠦᠷᠢᠳᠬᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | |