ᠡᠨᠡ ᠵᠢᠯ ᠠᠴᠠ ᠨᠠᠭᠠᠰᠢ᠂ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠪᠠᠲᠤᠯᠠᠬᠤ ᠶᠢᠨ ᠲᠥᠯᠥᠭᠡ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠶᠡᠭᠡ ᠠᠵᠤ | ᠠᠬᠤᠶᠢᠯᠠᠯ ᠤᠨ ᠠᠯᠪᠠᠨ ᠭᠡᠷ︾ ᠤᠨ ᠲᠠᠪᠴᠠᠩ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠲᠥᠷᠥᠯ ᠵᠦᠢᠯ ᠤᠨ ᠭᠠᠷᠳᠠᠮ ᠢ ᠬᠢᠨᠠᠨ ᠵᠥᠪᠰᠢᠶᠡᠷᠡᠬᠦ ᠠᠬᠢᠴᠠ ᠶᠢ | ᠭᠠᠷᠠᠭ ᠪᠦᠷᠢ ᠬᠥᠳᠡᠯᠦᠩᠭᠦᠶ ᠪᠠᠷ ᠲᠣᠬᠢᠷᠠᠭᠤᠯᠵᠤ᠂ ᠲᠣᠬᠢᠷᠠᠭᠤᠯᠬᠤ ᠶᠠᠪᠤᠴᠠ ᠳᠤ ᠡᠮᠬᠢᠯᠡᠵᠦ ᠭᠠᠷᠭᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠲᠡᠷᠡ | ᠳᠠᠷᠤᠶ ᠳᠤᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠵᠤ᠂ ᠭᠦᠢᠴᠡᠳᠬᠡᠬᠦ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠪᠡ᠃ | ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠪᠠᠲᠤᠯᠠᠪᠠ᠃ ᠲᠣᠭᠲᠠᠮᠠᠯ | ᠬᠤᠭᠤᠴᠠᠭ᠎ᠠ ᠲᠠᠢ ᠪᠠᠷ ᠭᠠᠷᠳᠠᠮ ᠭᠦᠢᠴᠡᠳᠬᠡᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠭᠠᠷᠳᠠᠮ ᠢ | ᠭᠦᠢᠴᠡᠳᠬᠡᠬᠦ ᠳᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠢᠬᠤᠯᠠ ᠶᠡᠭᠡ ᠲᠥᠷᠥᠯ ᠵᠦᠢᠯ ᠢ ᠤᠷᠢᠳᠴᠢᠯᠠᠨ ᠣᠷᠣᠯᠴᠠᠬᠤ᠂ ᠤᠷᠢᠳᠴᠢᠯᠠᠨ | ᠦᠢᠯᠡᠴᠢᠯᠡᠬᠦ᠂ ᠭᠦᠢᠴᠡᠳᠬᠡᠬᠦ ᠨᠥᠬᠦᠴᠡᠯ ᠤᠨ ᠰᠠᠨᠠᠯ ᠤᠨ ᠪᠢᠴᠢᠭ ᠢ ᠠᠪᠤᠭᠰᠠᠨ ᠤ ᠳᠠᠷᠠᠭ᠎ᠠ᠂ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ ᠠᠵᠢᠯ ᠢ | ᠡᠬᠢᠯᠡᠭᠦᠯᠵᠦ᠂ ᠲᠥᠰᠦᠯ ᠢ ᠳᠠᠭᠠᠭᠤᠯᠤᠨ ᠭᠠᠵᠠᠷ ᠰᠢᠷᠣᠶ ᠶᠢ ᠬᠤᠳᠠᠯᠳᠤᠬᠤ ᠳᠤ ᠰᠠᠭᠤᠷᠢ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠲᠥᠷᠥᠯ ᠵᠦᠢᠯ ᠢ ︽ᠭᠠᠵᠠᠷ | ᠠᠪᠤᠮᠠᠭᠴᠠ ᠳᠠᠷᠤᠢ ᠠᠵᠢᠯ ᠡᠬᠢᠯᠡᠭᠦᠯᠬᠦ︾ ᠶᠢ ᠪᠠᠲᠤᠯᠠᠪᠠ᠃ | ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠤᠭᠤᠨᠢᠰᠬᠠᠪᠠ᠃ ︽ᠨᠢᠭᠡ ᠯᠡ ᠤᠳᠠᠭ᠎ᠠ ᠳᠤ | ᠮᠡᠳᠡᠭᠳᠡᠬᠦ ᠲᠦᠷᠢᠮ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠦᠨᠡᠨ ᠬᠦ ᠪᠣᠭᠤᠨᠢᠰᠬᠠᠵᠤ᠂ ᠲᠣᠭᠲᠠᠭᠠᠯ | ᠶᠣᠰᠣᠭᠠᠷ ᠬᠠᠮᠢᠶ᠎ᠠ ᠪᠦᠬᠦᠢ ᠬᠤᠷᠠᠯ ᠳᠤ ᠲᠤᠰᠢᠶᠠᠵᠤ ᠬᠢᠨᠠᠨ ᠵᠥᠪᠯᠡᠭᠦᠯᠬᠦ ᠴᠢᠬᠤᠯᠠ ᠶᠡᠭᠡ ᠲᠥᠷᠥᠯ ᠵᠦᠢᠯ ᠪᠤᠶᠤ ᠰᠠᠨᠠᠯ ᠬᠤᠷᠢᠶᠠᠬᠤ ᠴᠢᠬᠤᠯᠠ ᠲᠠᠢ ᠵᠡᠷᠭᠡ ᠪᠤᠰᠤᠳ | ᠳᠡᠰ ᠳᠠᠷᠠᠭᠠᠯᠠᠯ ᠢ ᠭᠦᠢᠴᠡᠳᠬᠡᠬᠦ ᠴᠢᠬᠤᠯᠠᠲᠠᠶ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠥᠮ ︽ᠨᠡᠶᠢᠯᠡᠭᠦᠯᠦᠨ ᠬᠤᠯᠪᠣᠵᠤ︾ | ᠭᠦᠢᠴᠡᠳᠬᠡᠬᠦ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠦᠨᠡᠨ ᠬᠦ | ᠠᠷᠪᠢᠯᠠᠪᠠ᠃ | ᠰᠢᠢᠳᠪᠦᠷᠢᠯᠡᠭᠳᠡᠬᠦᠢ ᠰᠡᠳᠭᠢᠭᠦᠢ ᠶᠢ ᠪᠣᠶ ᠪᠣᠯᠭᠠᠵᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠦᠢᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠬᠢᠨᠠᠨ ᠬᠠᠷᠭᠤᠭᠤᠯᠬᠤ ᠶᠠᠪᠤᠴᠠ ᠳᠤ ᠣᠯᠵᠤ ᠮᠡᠳᠡᠭᠰᠡᠨ ᠵᠦᠶ ᠵᠣᠬᠢᠰ ᠥᠬᠡᠶ ᠪᠤᠶᠤ ᠰᠢᠯᠢᠳᠡᠭᠵᠢᠭᠦᠯᠬᠦ ᠣᠷᠣᠨ ᠵᠠᠶ ᠶᠢᠨ ᠵᠦᠢᠯᠡᠰ ᠲᠤ | ᠴᠢᠭᠯᠡᠭᠦᠯᠦᠨ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠳᠤ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠬᠢᠷᠠᠭᠤᠯᠤᠯᠲᠠ ᠵᠢᠴᠢ ᠰᠢᠯᠢᠳᠡᠭᠵᠢᠭᠦᠯᠬᠦ | ᠰᠠᠨᠠᠭᠤᠯᠭ᠎ᠠ ᠥᠭᠴᠦ᠂ ᠬᠡᠰᠡᠭ ᠲᠥᠷᠥᠯ ᠵᠦᠢᠯ ᠨᠢ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠥᠬᠡᠶ ᠪᠣᠳᠠᠲᠠᠶ ᠪᠠᠶᠢᠳᠠᠯ ᠳᠤ ᠴᠢᠭᠯᠡᠭᠦᠯᠦᠨ᠂ ᠠᠰᠠᠭᠤᠳᠠᠯ | ᠳᠤᠷᠠᠳᠬᠤ ᠶᠢᠨ ᠬᠠᠮᠲᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠦᠭᠪᠡ᠃ | |