ᠡᠨᠡ ᠵᠢᠯ ᠤᠨ 5 ᠳ᠋ᠤᠭᠠᠷ ᠰᠠᠷ᠎ᠠ ᠶᠢᠨ 18 ᠤ ᠡᠳᠦᠷ ᠪᠣᠯ 49 ᠳ᠋ᠦ᠋ᠭᠡᠷ ︽ᠣᠯᠠᠨ ᠤᠯᠤᠰ ᠤᠨ ᠮᠦᠽᠧᠶ ᠶᠢᠨ | ᠡᠳᠦᠷ︾ ᠪᠠᠶᠢᠵᠤ᠂ ᠭᠤᠤᠯ ᠰᠡᠳᠦᠪ ᠨᠢ ︽ᠲᠦᠷᠭᠡᠨ ᠬᠤᠪᠢᠷᠠᠯᠲᠠ ᠲᠠᠢ ᠨᠡᠶᠢᠭᠡᠮ ᠳᠠᠬᠢ ᠮᠦᠽᠧᠢ ᠶᠢᠨ ᠢᠷᠡᠭᠡᠳᠦᠢ︾ | ᠪᠣᠯᠤᠨ᠎ᠠ᠃ ᠲᠤᠰ ᠡᠳᠦᠷ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠭᠤᠤᠯ ᠰᠡᠳᠦᠪ ᠤᠨ ᠲᠣᠭᠤᠷᠢᠨ ᠳᠤ | ᠬᠤᠲᠠ ᠶᠢᠨ ᠠᠮᠢᠳᠤᠷᠠᠯ ᠤᠨ ᠭᠤᠸ᠎ᠠ ᠰᠠᠶᠢᠬᠠᠨ ᠤ ᠣᠶᠢᠯᠠᠭᠠᠯᠲᠠ᠂ ᠪᠠᠶᠢᠭᠠᠯᠢ ᠶᠢᠨ ᠠᠮᠢ ᠠᠬᠤᠶ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠪᠠᠶᠠᠷ ᠤᠨ ᠭᠤᠤᠯ ᠰᠡᠳᠦᠪᠲᠦ ᠦᠵᠡᠭᠦᠯᠭᠡ᠂ ︽ᠬᠠᠶᠢᠷ᠎ᠠ ᠶᠢ ᠰᠣᠨᠢᠷᠬᠠᠨ ᠰᠢᠳᠢ ᠶᠢ ᠤᠯᠠᠮᠵᠢᠯᠠᠨ | ᠪᠠᠶᠠᠰᠬᠠᠬᠤ — ᠮᠦᠽᠧᠢ ᠳᠤ ᠬᠠᠳᠠᠭᠠᠯᠠᠵᠤ ᠪᠠᠶᠢᠭ᠎ᠠ ᠦᠵᠡᠮᠦᠷᠢ ᠶᠢᠨ ᠴᠢᠯᠠᠭᠤᠨ ᠤ ᠴᠢᠭᠤᠯᠭᠠᠨ︾ ᠣᠨᠴᠠ ᠦᠵᠡᠭᠦᠯᠭᠡ | ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠨᠢ ᠮᠠᠰᠢ ᠣᠯᠠᠨ ᠬᠤᠲᠠ ᠶᠢᠨ ᠠᠷᠠᠳ ᠪᠣᠯᠤᠨ ᠵᠤᠭᠠᠴᠠᠭᠰᠠᠳ ᠢ ᠲᠠᠲᠠᠵᠤ ᠪᠠᠶᠢᠯ᠎ᠠ᠃ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠵᠡᠰᠬᠦᠯᠡᠩ᠂ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ | ᠭᠤᠭᠴᠤᠭ᠎ᠠ ᠪᠠᠷ ᠳᠠᠮᠵᠢᠭᠤᠯᠤᠨ᠂ ᠮᠦᠽᠧᠶ ᠬᠢᠭᠡᠳ ᠣᠯᠠᠨ ᠨᠡᠶᠢᠲᠡ ᠶᠢᠨ ᠨᠡᠪᠲᠡᠷᠡᠯᠴᠡᠨ ᠦᠢᠯᠡᠳᠦᠯᠴᠡᠬᠦ ᠬᠥᠭᠦᠷᠭᠡ ᠶᠢ | ᠪᠠᠶᠢᠭᠤᠯᠵᠤ᠂ ᠣᠯᠠᠨ ᠨᠡᠶᠢᠲᠡ ᠶᠢᠨ ᠮᠦᠽᠧᠶ ᠶᠢᠨ ᠲᠤᠬᠠᠶ ᠣᠶᠢᠯᠠᠭᠠᠯᠴᠠᠭ᠎ᠠ ᠪᠠ ᠮᠡᠳᠡᠷᠡᠮᠵᠢ ᠶᠢ ᠭᠦᠨᠵᠡᠭᠡᠶᠢᠷᠡᠭᠦᠯᠦᠨ᠂ | ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠦᠨ ᠬᠥᠭᠵᠢᠬᠦ | ᠳᠤᠮᠳᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠪᠡ᠃ | ᠥᠪᠥᠷ ᠮᠣᠩᠭᠤᠯ ᠪᠣᠯ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠡᠬᠢ ᠪᠠᠶᠠᠯᠢᠭ ᠤᠨ ᠲᠣᠮᠣ ᠣᠷᠣᠨ | ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢ ᠡᠷᠲᠡᠨ ᠤ ᠠᠮᠢᠳᠤ | ᠪᠣᠳᠠᠰ ᠤᠨ ᠬᠠᠮᠠᠭᠠᠯᠠᠯᠲᠠ ᠪᠠ ᠰᠤᠳᠤᠯᠭᠠᠨ ᠤ ᠡᠭᠦᠷᠭᠡ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠷᠢᠳ | ᠬᠤᠵᠢᠳ ᠤᠯᠠᠭᠠᠨᠬᠠᠳᠠ ᠬᠤᠲᠠ ᠶᠢᠨ ᠡᠮᠦᠨ᠎ᠡ ᠪᠡᠶ᠎ᠡ᠂ ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠭᠠᠵᠠᠷ ᠣᠷᠣᠨ᠂ | ᠣᠷᠳᠣᠰ ᠬᠤᠲᠠ ᠶᠢᠨ ᠴᠢᠪᠠ ᠭᠠᠵᠠᠷ ᠣᠷᠣᠨ᠂ ᠪᠠᠶᠠᠨᠨᠠᠭᠤᠷ ᠬᠤᠲᠠ ᠶᠢᠨ ᠪᠠᠶᠠᠨᠮᠠᠨᠳᠤᠬᠤ ᠭᠠᠵᠠᠷ ᠣᠷᠣᠨ᠂ ᠠᠯᠠᠱᠠ | ᠠᠶᠢᠮᠠᠭ ᠤᠨ ᠳᠡᠯ ᠠᠭᠤᠯᠠ ᠪᠠ ᠵᠢᠷᠠᠲᠠᠶ ᠭᠠᠵᠠᠷ ᠣᠷᠣᠨ᠂ ᠤᠯᠠᠭᠠᠨᠴᠠᠪ ᠬᠤᠲᠠ ᠶᠢᠨ ᠳ᠋ᠠ ᠬᠤᠩ ᠱᠠᠨ ᠭᠠᠵᠠᠷ ᠣᠷᠣᠨ | ᠵᠢᠴᠢ ᠦᠬᠠᠶ ᠬᠤᠲᠠ ᠶᠢᠨ ᠤᠳᠠ ᠣᠷᠣᠨ ᠳᠤ ᠠᠷᠪᠠᠨ ᠬᠡᠳᠦᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ | ᠪᠠᠶᠢᠴᠠᠭᠠᠯᠲᠠ ᠪᠠ ᠬᠠᠮᠠᠭᠠᠯᠠᠯᠲᠠ ᠶᠢᠨ ᠲᠥᠷᠥᠯ ᠵᠦᠢᠯ ᠢ ᠥᠷᠨᠢᠭᠦᠯᠵᠦ᠂ ᠪᠥᠬᠦ ᠣᠷᠣᠨ ᠤ ᠴᠢᠯᠠᠭᠤᠵᠢᠮᠠᠯ ᠤᠨ ᠡᠬᠢ | ᠪᠠᠶᠠᠯᠢᠭ ᠤᠨ ᠪᠠᠶᠢᠳᠠᠯ ᠢ ᠡᠵᠡᠮᠰᠢᠬᠦ᠂ ᠤᠭ ᠭᠠᠵᠠᠷ ᠤᠨ ᠬᠠᠮᠠᠭᠠᠯᠠᠯᠲᠠ ᠶᠢ ᠠᠬᠢᠭᠤᠯᠬᠤ ᠳᠤ ᠬᠦᠴᠦᠲᠡᠶ ᠮᠡᠷᠭᠡᠵᠢᠯ ᠤᠨ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ | ᠰᠡᠭᠡᠷᠲᠡᠨ ᠠᠮᠢᠲᠠᠨ ᠪᠣᠯᠤᠨ ᠡᠷᠲᠡᠨ ᠤ ᠬᠦᠮᠦᠨ ᠲᠥᠷᠥᠯᠬᠢᠲᠡᠨ ᠤ ᠰᠤᠳᠤᠯᠭᠠᠨ ᠤ ᠭᠠᠵᠠᠷ ᠵᠡᠷᠭᠡ ᠰᠤᠳᠤᠯᠭᠠᠨ ᠤ | ᠪᠠᠶᠢᠭᠤᠯᠤᠮᠵᠢ ᠲᠠᠢ ᠬᠠᠮᠲᠤᠷᠠᠨ ᠠᠵᠢᠯᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠯᠢ ᠤᠯᠡᠠ ᠦᠷ᠎ᠡ ᠪᠦᠲᠦᠭᠡᠯ ᠢ | ᠣᠯᠵᠠᠢ᠃ ᠡᠭᠦᠨ ᠳᠤ᠂ ︽ᠵᠧᠦ ᠣᠪᠣᠭᠲᠤ ᠶᠢᠨ ᠣᠶᠢᠷ᠎ᠠ ᠶᠢᠨ ᠪᠠᠭᠠᠨ᠎ᠠ ᠶᠢᠨ ᠰᠢᠳᠦᠳᠦ ᠠᠷᠢᠶᠠᠲᠠᠨ︾ ᠤ ᠬᠠᠮᠢᠶ᠎ᠠ ᠪᠦᠬᠦᠢ | ᠰᠤᠳᠤᠯᠭᠠᠨ ᠨᠢ ᠬᠥᠬᠦᠭᠴᠢ ᠠᠮᠢᠲᠠᠨ ᠤ ᠳᠤᠮᠳᠠ ᠴᠢᠬᠢᠨ ᠤ ᠤᠯᠠᠷᠢᠭᠤᠯᠤᠯᠲᠠ ᠳᠤ ᠭᠡᠷᠡᠴᠢ ᠪᠠᠷᠢᠮᠲᠠ ᠶᠢᠨ ᠬᠡᠯᠬᠢᠶ᠎ᠡ | ᠬᠠᠩᠭᠠᠪᠠ︔ ᠠᠪᠤᠷᠭᠤ ᠭᠦᠷᠪᠡᠯ ᠤᠨ ᠰᠢᠨ᠎ᠡ ᠲᠥᠷᠥᠯ ᠵᠦᠢᠯ ᠤᠨ ︽ᠵᠠᠭᠤᠨ ᠵᠢᠯ ᠤᠨ ᠤᠷᠠᠨ ᠬᠠᠵᠢᠨ ᠯᠤᠤ︾ ᠶᠢᠨ | ᠢᠯᠡᠷᠡᠭᠦᠯᠦᠯᠲᠡ ᠨᠢ ᠠᠪᠤᠷᠭᠤ ᠭᠦᠷᠪᠡᠯ ᠤᠨ ᠠᠮᠢ ᠠᠬᠤᠢ ᠶᠢᠨ ᠬᠡᠪᠰᠢᠯ ᠢ ᠣᠶᠢᠯᠠᠭᠠᠬᠤ ᠳᠤ ᠰᠢᠨ᠎ᠡ ᠦᠨᠡᠮᠯᠡᠯ ᠬᠠᠩᠭᠠᠵᠤ᠂ | ᠮᠥᠨ ᠴᠦ ᠬᠤᠯᠠᠭᠤᠨ ᠬᠤᠯᠠᠭᠠᠶᠢᠯᠠᠭᠰᠠᠨ ᠥᠨᠳᠡᠭᠡᠨ ᠯᠤᠤ ᠶᠢᠨ ᠲᠥᠷᠥᠯ ᠤᠨ ᠣᠯᠠᠨ ᠶᠠᠩᠵᠤᠲᠤ ᠴᠢᠨᠠᠷ ᠪᠠ | ᠬᠤᠪᠢᠰᠤᠯᠲᠠ ᠶᠢᠨ ᠶᠠᠪᠤᠴᠠ ᠶᠢ ᠰᠤᠳᠤᠯᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢ ᠣᠷᠳᠣᠨ ᠤ ᠬᠤᠭᠤᠷᠣᠨᠳᠣᠬᠢ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠢᠳ ᠬᠤᠵᠢᠳ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ | ᠮᠦᠽᠧᠶ᠂ ᠳᠤᠮᠳᠠᠳᠤ ᠤᠯᠤᠰ ︵ᠬᠠᠶᠢᠨᠠᠨ︶ ᠤᠨ ᠡᠮᠦᠨᠡᠲᠦ ᠲᠠᠩᠭᠢᠰ ᠤᠨ ᠮᠦᠽᠧᠶ᠂ ᠴᠦᠩᠴᠢᠩ ᠤᠨ ᠪᠠᠶᠢᠭᠠᠯᠢ ᠶᠢᠨ | ᠮᠦᠽᠧᠶ ᠵᠡᠷᠭᠡ ᠨᠢᠭᠡᠴᠢ ᠲᠠᠢ ᠬᠠᠮᠲᠤᠷᠠᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠣᠭᠤᠭᠠᠷᠠᠨ ᠠᠶᠠᠯᠠᠭᠰᠠᠨ — | ᠥᠪᠥᠷ ᠮᠣᠩᠭᠤᠯ ᠤᠨ ᠪᠣᠬᠢᠷᠲᠤᠯ ᠦᠭᠡᠢ ᠠᠭᠤᠷᠬᠠᠢ ᠶᠢᠨ ᠣᠨᠴᠠ ᠦᠵᠡᠭᠦᠯᠭᠡ︾᠂ ︽ᠲᠠᠯ᠎ᠠ ᠨᠤᠲᠤᠭ ᠲᠤ ᠢᠷᠡᠵᠦ ︿ | ᠳᠠᠯᠠᠢ ᠳᠤ ᠭᠠᠷᠬᠤ﹀ — ᠳᠤᠮᠳᠠᠳᠤ ᠤᠯᠤᠰ ᠤᠨ ᠡᠮᠦᠨᠡᠲᠦ ᠲᠠᠩᠭᠢᠰ ᠤᠨ ᠲᠥᠷᠥᠯ ᠤᠨ ᠣᠨᠴᠠ ᠦᠵᠡᠭᠦᠯᠭᠡ︾᠂ ︽ | ᠮᠠᠯᠤᠷ ᠥᠳᠡᠭᠡ ᠶᠢᠨ ᠴᠠᠭ ᠦᠶ᠎ᠡ — ᠬᠠᠷ᠎ᠠ ᠴᠠᠭᠠᠨ ᠵᠢᠩ ᠯᠢᠩ ᠲᠠᠢ ᠤᠴᠠᠷᠠᠬᠤ︾ ᠵᠡᠷᠭᠡ ᠣᠯᠠᠨ ᠦᠵᠡᠭᠦᠯᠭᠡ ᠶᠢᠨ | ᠠᠵᠢᠯᠯᠠᠭ᠎ᠠ ᠥᠷᠨᠢᠭᠦᠯᠪᠡ᠃ | |