5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠡᠷᠭᠢᠯᠡᠨ | ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ︵ᠬᠤᠳᠠ᠂ ᠲᠣᠭᠤᠷᠢᠭ︶ ᠤ ᠴᠠᠯᠢᠩ ᠥᠷᠢᠲᠦᠬᠦ ᠶᠢ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠰᠦᠨ ᠱᠤᠤ ᠴᠧᠩ᠂ ᠡᠯ᠎ᠡ ᠱᠠᠲᠤᠨ ᠤ ᠬᠢᠨ ᠴᠠᠯᠢᠩ ᠥᠷᠢᠲᠦᠬᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠯᠢᠩ ᠥᠷᠢᠲᠦᠬᠦ | ᠠᠰᠠᠭᠤᠳᠠᠯ ᠢ ᠰᠢᠢᠳᠪᠦᠷᠢᠯᠡᠬᠦ ᠶᠢ ᠤᠬᠠᠮᠰᠠᠷ ᠠᠴᠠ ᠪᠠᠨ ᠨᠢᠭᠡᠨ ᠲᠤᠶᠢᠯ ᠤᠨ ᠴᠢᠬᠤᠯᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ | ᠴᠢᠩᠭ᠎ᠠ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠭᠦ | ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢ ᠡᠪᠦᠷᠯᠡᠵᠦ᠂ ᠬᠠᠲᠠᠭᠤ | ᠣᠪᠣᠷ ᠢᠶᠠᠨ ᠢᠯᠡᠷᠡᠭᠦᠯᠵᠦ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠵᠣᠷᠢᠭᠤᠳᠠ ᠴᠠᠯᠢᠩ ᠥᠷᠢᠲᠦᠬᠦ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠳᠠᠷᠤᠶᠢᠬᠠᠨ | ᠳᠠᠭᠢᠨ ᠬᠥᠳᠡᠯᠦᠯᠴᠡᠵᠦ᠂ ᠤᠳᠤ ᠶᠢᠨ ᠠᠵᠢᠯ ᠤᠨ ᠰᠠᠭᠤᠷᠢᠨ ᠳᠡᠭᠡᠷ᠎ᠡ ᠪᠠᠶᠢᠴᠠᠭᠠᠨ ᠣᠶᠢᠯᠠᠭᠠᠬᠤ ᠶᠢᠨ ᠳᠠᠭᠠᠤ ᠥᠷᠢ ᠰᠢᠷᠢ ᠶᠢ ᠠᠷᠢᠯᠭᠠᠵᠤ ᠲᠣᠭᠲᠠᠴᠠ ᠶᠢ | ᠲᠡᠭᠦᠯᠳᠡᠷᠵᠢᠭᠦᠯᠵᠦ᠂ ᠲᠥᠷᠥᠯ ᠬᠤᠪᠢᠶᠠᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠤᠷᠢᠳ ᠢᠶᠠᠷ ᠰᠢᠢᠳᠪᠦᠷᠢᠯᠡᠬᠦ ᠳᠡᠰ ᠳᠠᠷᠠᠭᠠᠯᠠᠯ ᠭᠠᠷᠭᠠᠵᠤ ᠥᠷᠢ | ᠰᠢᠷᠢ ᠶᠢ ᠲᠦᠷᠭᠡᠨ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ ᠰᠢᠢᠳᠪᠦᠷᠢᠯᠡᠬᠦ ᠵᠡᠷᠭᠡ ᠲᠣᠭᠲᠠᠴᠠ ᠶᠢ ᠰᠢᠯᠤᠭᠤᠳᠬᠠᠵᠤ᠂ ᠬᠠᠮᠤᠭ ᠤᠨ ᠣᠬᠤᠷᠬᠠᠨ | ᠬᠤᠭᠤᠴᠠᠭᠠᠨ ᠳᠤ ᠬᠥᠯᠥᠰᠦᠨ ᠲᠠᠷᠢᠶᠠᠴᠢᠨ ᠠᠬ᠎ᠠ ᠳᠡᠭᠦᠦ ᠨᠠᠷ ᠲᠤ ᠠᠪᠤᠨ ᠳᠣᠣᠷ᠎ᠠ ᠪᠠᠨ ᠠᠮᠵᠢᠯᠲᠠ ᠣᠯᠣᠭᠰᠠᠨ ᠦᠷ᠎ᠡ ᠪᠦᠲᠦᠮᠵᠢ ᠶᠢ ᠮᠡᠳᠡᠷᠡᠭᠦᠯᠬᠦ ᠪᠠᠷ | ᠴᠢᠷᠮᠠᠶᠢᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠠᠯᠢᠩ | ᠥᠷᠢᠲᠦᠬᠦ ᠶᠢ ᠵᠠᠰᠠᠬᠤ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠲᠣᠭᠲᠠᠭᠠᠭᠰᠠᠨ ᠢᠶᠠᠷ | ᠠᠵᠠ ᠲᠣᠭᠢᠶᠠᠯ ᠪᠤᠯᠭᠠᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠬᠠᠤᠯᠢ ᠪᠠᠷ ᠵᠠᠰᠠᠬᠤ ᠵᠠᠮ ᠳᠤ ᠤᠯᠠᠮ ᠨᠢᠭᠡ ᠠᠯᠬᠤᠮ ᠣᠷᠣᠭᠤᠯᠵᠤ᠂ | ᠬᠥᠳᠡᠯᠮᠦᠷᠢᠴᠢᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃ | ᠢᠦᠢ ᠯᠢ ᠰᠢᠨ᠂ ᠴᠢ᠊ ᠪᠠᠲᠤ ᠬᠤᠷᠠᠯ ᠳᠤ ᠣᠷᠣᠯᠴᠠᠵᠠᠢ᠃ | |