ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠭᠡᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/21
  5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ 2025 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 2025 ᠣᠨ ᠤ 10 ᠳ᠋ᠤᠭᠠᠷ ᠬᠤᠭᠤᠴᠠᠭᠠᠨ ᠤ ︽ᠦᠨᠡᠨ︾ ᠰᠡᠳᠭᠦᠯ ᠳᠡᠭᠡᠷ᠎ᠡ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ︾ ᠵᠢᠴᠢ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠵᠡᠷᠭᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠲᠣᠭᠲᠠᠭᠠᠯ ᠤᠨ ᠳᠤᠮᠳᠠᠳᠤ ᠤᠯᠤᠰ ᠢ ᠬᠤᠪᠢᠷᠠᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠬᠤᠷᠠᠯ ᠢ ᠡᠷᠭᠢᠯᠡᠭᠰᠡᠨ ᠪᠥᠭᠡᠳ ᠲᠦᠷᠦᠭᠦᠯᠡᠨ ᠰᠤᠳᠤᠯᠤᠨ ᠶᠠᠷᠢᠯᠴᠠᠪᠠ᠃  ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠰᠤᠷᠲᠠᠯ ᠤᠨ ᠪᠠᠶᠢᠭᠤᠯᠤᠯᠲᠠ ᠳᠤ ᠴᠢᠭᠯᠡᠭᠦᠯᠦᠨ ᠰᠢᠷᠢᠰ ᠴᠢᠬᠤᠯᠠ ᠶᠠᠷᠢᠶ᠎ᠠ ᠲᠠᠯᠪᠢᠵᠤ᠂ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠤᠯᠴᠠᠯᠭ᠎ᠠ ᠬᠥᠮᠦᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠤᠰ ᠤᠳᠠᠭ᠎ᠠ ᠶᠢᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠪᠠᠷ ᠳᠠᠮᠵᠢᠨ ᠶᠠᠷᠢᠶ᠎ᠠ ᠲᠠᠯᠪᠢᠵᠤ᠂ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠳᠠᠭᠠᠨ ᠠᠭᠤᠰᠤᠯᠴᠠᠭᠤᠯᠵᠤ᠂ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠰᠤᠷᠤᠯᠴᠠᠬᠤᠢ ᠰᠡᠳᠭᠢᠭᠦᠢ ᠬᠡᠷᠡᠭᠯᠡᠬᠦᠢ ᠶᠢ ᠨᠡᠪᠲᠡᠷᠡᠯᠴᠡᠭᠦᠯᠵᠦ᠂ ᠮᠡᠳᠡᠯᠭᠡ ᠢᠲᠡᠭᠡᠯ ᠠᠵᠢᠯᠯᠠᠭ᠎ᠠ ᠪᠠᠨ ᠨᠢᠭᠡᠳᠭᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠤᠯᠠᠨ ᠶᠠᠩᠵᠤᠲᠤ ᠴᠢᠨᠠᠷ ᠪᠣᠯᠤᠨ ᠤᠨᠳᠤᠤᠰᠢᠬᠤ ᠴᠢᠨᠠᠷ ᠢ ᠭᠦᠢᠴᠡᠳ ᠲᠠᠨᠢᠵᠤ᠂ ᠤᠯᠠᠨ ᠲᠠᠯ᠎ᠠ ᠤᠯᠠᠨ ᠲᠡᠰ ᠳᠠᠪᠬᠤᠷᠭ᠎ᠠ ᠪᠠᠷ ᠠᠰᠠᠭᠤᠳᠠᠯ ᠢ ᠪᠠᠶᠢᠴᠠᠭᠠᠨ ᠳᠡᠯᠭᠡᠵᠦ᠂ ᠨᠠᠷᠢᠨ ᠬᠢᠨᠠᠮᠠᠭᠠᠢ ᠰᠤᠳᠤᠯᠤᠨ ᠴᠡᠭᠴᠡᠯᠡᠨ ᠰᠠᠶᠢᠵᠢᠷᠠᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠢ ᠪᠦᠲᠦᠮᠵᠢᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ︽ᠲᠦᠷᠦᠭᠦᠴᠢ ᠭᠠᠯᠠᠭᠤ ᠶᠢᠨ ᠦᠢᠯᠡᠳᠦᠯ︾ ᠢ ᠰᠠᠶᠢᠲᠤᠷ ᠪᠠᠳᠠᠷᠠᠭᠤᠯᠵᠤ᠂ ᠲᠦᠷᠦᠭᠦᠯᠡᠨ ᠵᠣᠷᠢᠭ ᠰᠠᠨᠠᠭᠠᠨ ᠤ ᠮᠥᠨ ᠴᠢᠨᠠᠷ ᠢ ᠰᠤᠷᠤᠯᠴᠠᠨ ᠣᠶᠢᠯᠠᠭᠠᠵᠤ᠂ ᠲᠦᠷᠦᠭᠦᠯᠡᠨ ᠬᠡᠷᠡᠭᠵᠢᠭᠦᠯᠵᠦ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠲᠤᠰ ᠪᠡᠶ᠎ᠡ ᠶᠢᠨ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠤᠷᠲᠠᠯ ᠤᠨ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠰᠢᠯᠢᠳᠡᠭ ᠨᠠᠮ ᠤᠨ ᠰᠤᠷᠲᠠᠯ ᠢᠶᠠᠷ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠰᠤᠷᠲᠠᠯ ᠢ ᠡᠷᠡᠰ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃  ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ ᠪᠣᠯᠤᠨ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ