ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠤᠨ 28 ᠳ᠋ᠤᠭᠠᠷ ᠤᠳᠠᠭᠠᠨ ᠤ ᠪᠦᠬᠦ ᠤᠯᠤᠰ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠮᠡᠳᠡᠭᠦᠯᠦᠯᠲᠡ ᠶᠢᠨ ᠬᠤᠷᠠᠯ — ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠣᠪᠴᠢᠯᠠᠯ︾
ᠨᠡᠶᠢᠲᠡᠯᠡᠭᠰᠡᠨ ᠴᠠᠭ᠄
2025/5/21
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠠᠬᠠᠮᠠᠳ ᠺᠠᠳ᠋ᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ︽ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ︾ ᠤᠨ ᠨᠡᠶᠢᠲᠡ ᠶᠢᠨ ᠳ᠋ᠤᠭᠠᠷ ᠢ ᠠᠩᠬᠠᠷᠴᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠰᠤᠷᠤᠯᠴᠠᠪᠠ᠃  ᠮᠡᠳᠡᠭᠦᠯᠦᠯᠲᠡ ᠶᠢᠨ ᠬᠤᠷᠠᠯ ᠳᠡᠭᠡᠷ᠎ᠡ᠂ ᠭᠤᠤᠯᠯᠠᠨ ᠶᠠᠷᠢᠬᠤ ᠬᠦᠮᠦᠨ ᠠᠴᠠ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢᠨ ᠲᠣᠭᠤᠷᠢᠨ ᠳᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ᠂ ᠪᠠᠶᠠᠯᠢᠭ ᠠᠭᠤᠯᠤᠭᠳᠠᠬᠤᠨ ᠵᠡᠷᠭᠡ ᠣᠯᠠᠨ ᠲᠠᠯ᠎ᠠ ᠠᠴᠠ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠨᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠵᠡᠭᠦᠯᠬᠦ ᠠᠯᠤᠰ ᠬᠡᠲᠦ ᠶᠢᠨ ᠠᠴᠢ ᠬᠤᠯᠪᠣᠭᠳᠠᠯ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠠᠬᠠᠮᠠᠳ ᠺᠠᠳ᠋ᠷᠴᠤᠳ ᠲᠤ ᠰᠤᠷᠲᠠᠯ ᠤᠨ ᠪᠠᠶᠢᠭᠤᠯᠤᠯᠲᠠ ᠶᠢ ᠡᠭᠦᠷᠢᠳᠡ ᠵᠤᠬᠰᠤᠰᠢ ᠦᠭᠡᠶ ᠪᠣᠯᠭᠠᠵᠤ᠂ ᠡᠷᠬᠡᠪᠰᠢ ᠴᠥᠬᠦᠷᠡᠰᠢ ᠦᠭᠡᠶ ᠪᠠᠶᠢᠩᠭᠤ ᠠᠳᠬᠤᠬᠤ ᠬᠡᠷᠡᠭᠲᠡᠶ ᠭᠡᠵᠡᠢ᠃  ᠠᠬᠠᠮᠠᠳ ᠺᠠᠳ᠋ᠷᠴᠤᠳ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠳᠣᠲᠣᠷ᠎ᠠ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠭᠦᠨᠵᠡᠭᠡᠢ ᠣᠶᠢᠯᠠᠭᠠᠯᠲᠠ ᠪᠠᠨ ᠬᠤᠪᠢᠶᠠᠯᠴᠠᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠪᠣᠯ ᠨᠠᠮ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ ᠲᠦᠷᠢ ᠲᠥᠷᠬᠦ ᠪᠠ ᠠᠵᠢᠯ ᠦᠢᠯᠡᠰ ᠤᠨ ᠬᠥᠭᠵᠢᠯ ᠮᠠᠨᠳᠤᠯ ᠲᠠᠢ ᠬᠤᠯᠪᠣᠭᠳᠠᠵᠤ ᠪᠠᠶᠢᠳᠠᠭ ᠭᠡᠵᠦ ᠰᠠᠨᠠᠯ ᠨᠢᠭᠡᠲᠡᠢ ᠦᠵᠡᠪᠡ᠃ ᠤᠯᠠᠨ ᠢᠶᠠᠷ ᠢᠶᠠᠨ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠬᠥᠭᠵᠢᠯᠲᠡ ᠶᠢ ᠢᠳᠡᠪᠬᠢᠲᠡᠢ ᠠᠩᠬᠠᠷᠴᠤ᠂ ᠰᠢᠨ᠎ᠡ ᠴᠠᠭ ᠦᠶ᠎ᠡ ᠳᠤ ᠦᠷᠭᠦᠯᠵᠢᠯᠡᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ