ᠣᠶᠢᠷ᠎ᠠ ᠶᠢᠨ ᠵᠢᠯ ᠠᠴᠠ᠂ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ | ᠴᠡᠭᠡᠵᠢᠯᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠬᠤ ᠶᠢ | ᠠᠬᠢᠭᠤᠯᠪᠠ᠃ | ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠦᠨᠡᠯᠡᠨ | ᠵᠢᠱᠢᠬᠦ ᠬᠡᠷᠡᠭᠲᠡᠶ᠃ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ | ᠰᠢᠰᠲ᠋ᠧᠮ ᠢᠶᠠᠷ ᠲᠦᠰᠢᠭ ᠪᠣᠯᠭᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠳᠠᠯᠠᠵᠤ᠂ ᠪᠥᠬᠦ ᠬᠤᠲᠠ ᠶᠢᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠳᠠᠭᠠᠯᠠᠭᠳᠠᠴᠠ ᠶᠢ | ᠬᠥᠳᠡᠯᠦᠩᠭᠦᠶ ᠪᠠᠷ ᠬᠢᠨᠠᠨ ᠬᠡᠮᠵᠢᠬᠦ ᠠᠵᠢᠯ ᠤᠨ ᠳᠤᠮᠳᠠ᠂ ︽ᠭᠤᠷᠪᠠᠨ ᠨᠣᠷᠮ᠎ᠠ︾ ᠶᠢᠨ ᠭᠦᠢᠴᠡᠳᠬᠡᠯ ᠲᠤᠭ᠎ᠠ ᠶᠢᠨ ᠬᠢᠨᠠᠨ ᠰᠢᠯᠭᠠᠬᠤ ᠪᠠᠨ ᠴᠢᠩᠭᠠᠳᠬᠠᠵᠤ᠂ ᠪᠣᠶ | ᠪᠥᠬᠦᠶ ᠠᠭᠤᠷᠬᠠᠶ ᠶᠢᠨ ᠠᠵᠤ ᠠᠬᠤᠶᠢᠯᠠᠯ ᠤᠨ ︽ᠭᠤᠷᠪᠠᠨ ᠨᠣᠷᠮ᠎ᠠ︾ ᠶᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠵᠦ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠲᠥᠷᠥᠯ ᠵᠦᠢᠯ ᠤᠨ ᠬᠡᠷᠡᠭᠯᠡᠬᠦ ᠭᠠᠵᠠᠷ ᠢ ᠢᠳᠡᠪᠬᠢᠲᠡᠶ ᠪᠠᠷ ᠪᠠᠲᠤᠯᠠᠵᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠰᠦᠯᠵᠢᠶᠡᠨ ᠤ ᠪᠥᠲᠥᠭᠡᠨ | ᠪᠠᠶᠢᠭᠤᠯᠤᠯᠲᠠ ᠶᠢᠨ ᠬᠠᠮᠢᠶ᠎ᠠ ᠪᠥᠬᠦᠶ ᠬᠡᠷᠡᠭᠯᠡᠬᠦ ᠭᠠᠵᠠᠷ ᠢ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ | ᠬᠡᠪᠴᠢᠶᠡᠨ ᠳᠤ ᠣᠷᠣᠭᠤᠯᠬᠤ ᠶᠢ ᠨᠢᠭᠡᠳᠦᠯᠲᠡᠶ ᠲᠥᠯᠥᠪᠯᠡᠵᠦ᠂ 2025 ᠣᠨ ᠠᠴᠠ ᠣᠲᠣ ᠪᠣᠯᠲᠠᠯ᠎ᠠ᠂ ᠳᠤᠰᠤᠯᠭᠠᠨ ᠤᠰᠤᠯᠠᠬᠤ ᠪᠦᠰᠡ ᠶᠢ ᠡᠳ᠋ᠰᠢᠭᠦᠯᠬᠦ | ᠦᠢᠯᠡᠳᠪᠦᠷᠢ ᠶᠢᠨ ᠬᠠᠶᠠᠭᠳᠠᠮᠠᠯ ᠬᠠᠭᠤᠴᠢᠨ ᠰᠦᠯᠢᠶᠥᠤ ᠶᠢ ᠠᠰᠢᠭᠯᠠᠨ ᠳᠤᠰᠤᠯᠭᠠᠨ ᠤᠰᠤᠯᠠᠬᠤ ᠪᠦᠰᠡ ᠪᠠᠷ ᠤᠰᠤᠯᠠᠬᠤ ᠪᠦᠰᠡ᠂ ᠬᠠᠶᠠᠭᠳᠠᠮᠠᠯ ᠮᠠᠰᠢᠨ ᠲᠡᠷᠭᠡ ᠶᠢ | ᠡᠭᠡᠭᠦᠯᠦᠨ ᠬᠤᠷᠢᠶᠠᠵᠤ ᠵᠠᠳᠠᠯᠤᠨ ᠪᠣᠯᠪᠠᠰᠤᠷᠠᠭᠤᠯᠬᠤ᠂ ᠮᠠᠯ ᠵᠢᠭᠦᠷᠲᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ | 5 ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠡᠷᠡᠭᠯᠡᠬᠦ ᠭᠠᠵᠠᠷ ᠢ 192.99 ᠮᠥ ᠪᠠᠲᠤᠯᠠᠪᠠ᠃ | ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢ ᠲᠣᠳᠣᠷᠬᠠᠶᠢᠯᠠᠵᠤ᠂ ᠠᠮᠢ ᠠᠬᠤᠶ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷᠴᠢᠯᠡᠬᠦ ᠰᠠᠭᠤᠷᠢ ᠶᠢ | ᠲᠠᠯᠪᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠢ ᠢᠳᠡᠪᠬᠢᠲᠡᠶ ᠬᠠᠮᠵᠢᠯᠴᠠᠨ 2025 ᠣᠨ ᠤ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠣᠬᠢᠶᠠᠨ ᠪᠠᠶᠢᠭᠤᠯᠤᠭᠰᠠᠨ ᠵᠢᠷᠭᠠᠯᠠᠩᠲᠤ ᠭᠤᠤᠯ ᠪᠠ ᠮᠥᠷᠡᠨ ᠭᠤᠤᠯ ᠬᠤᠶᠠᠷ ᠭᠤᠤᠯ ᠮᠥᠷᠡᠨ ᠤ ᠪᠠᠶᠢᠭᠠᠯᠢ ᠶᠢᠨ ᠡᠬᠢ | ᠪᠠᠶᠠᠯᠢᠭ ᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠪᠡᠶᠡᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ | ᠭᠤᠤᠯ ᠴᠣᠭᠴᠠ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠵᠠᠭᠠᠭᠯᠠᠨ ᠲᠣᠭᠲᠠᠭᠠᠪᠠ᠃ | ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠠᠭᠪᠤᠷ ᠢ ᠦᠷᠭᠦᠯᠵᠢᠯᠡᠨ ᠰᠢᠨᠡᠴᠢᠯᠡᠬᠦ | ᠬᠡᠷᠡᠭᠲᠡᠢ᠃ ︽ᠤᠷᠢᠳᠠᠪᠠᠷ ᠪᠣᠬᠢᠷᠲᠤᠯ ᠢ ᠵᠠᠰᠠᠬᠤ᠂ ᠳᠠᠬᠢᠨ ᠰᠡᠷᠭᠦᠭᠡᠬᠦ᠂ ᠳᠠᠷᠠᠭ᠎ᠠ ᠨᠢ ᠦᠨᠡᠯᠡᠨ ᠵᠢᠱᠢᠬᠦ︾ ᠵᠠᠷᠴᠢᠮ ᠶᠣᠰᠣᠭᠠᠷ᠂ ᠠᠮᠢ ᠠᠬᠤᠶ ᠣᠷᠴᠢᠨ | ᠲᠣᠭᠤᠷᠢᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠰᠠᠭᠤᠷᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ | ᠠᠬᠤᠶ ᠶᠢ ᠰᠡᠷᠭᠦᠭᠡᠬᠦ ᠪᠠ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠥᠬᠦᠶ ᠠᠵᠢᠯ ᠢ ᠬᠠᠮᠵᠢᠯᠴᠠᠨ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ | ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠪᠣᠯᠤᠨ ︽ᠭᠤᠷᠪᠠ ᠶᠢ ᠣᠶᠢᠯᠠᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ︽ᠬᠤᠶᠠᠷ ᠢ ᠨᠢᠭᠡᠳᠬᠡᠬᠦ︾ ᠭᠤᠣᠯ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ | ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | |